ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠴᠢᠬᠤᠯᠠ ᠶᠡᠭᠡ ᠬᠤᠪᠢᠷᠠᠯᠲᠠ ᠭᠠᠷᠪᠠ᠂ ᠡᠨᠡ ᠨᠢ ᠦᠯᠡᠮᠵᠢ ᠣᠯᠠᠨ ᠬᠡᠷ ᠪᠦᠯᠢ ᠳᠤ ᠬᠤᠯᠪᠣᠭᠳᠠᠨ᠎ᠠ︕
ᠨᠡᠶᠢᠲᠡᠯᠡᠭᠰᠡᠨ ᠴᠠᠭ᠄
2024/8/21
      ᠣᠶᠢᠷ᠎ᠠ ᠳᠤ᠂ ᠤᠯᠤᠰ ᠠᠴᠠ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾᠂ ︽ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠲᠦᠷᠭᠡᠨ ᠠᠬᠢᠭᠤᠯᠬᠤ ᠲᠤᠬᠠᠶ ᠮᠡᠳᠡᠭᠳᠡᠯ︾ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠪᠠ᠂ ᠬᠤᠶᠢᠰᠢᠳᠠ ᠣᠯᠠᠨ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ  ᠳᠤ ᠡᠲᠡᠭᠡᠷ ᠬᠤᠪᠢᠷᠠᠯᠲᠠ ᠲᠠᠢ᠃       ᠴᠢᠯᠥᠭᠡᠲᠡᠶ ᠪᠣᠯᠭᠠᠨ᠎ᠡ — ᠪᠠᠶᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ ᠲᠠᠭᠠᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠤᠯᠠᠮ ᠨᠢᠭᠡ ᠠᠯᠬᠤᠮ ᠴᠢᠯᠥᠭᠡᠲᠡᠶ ᠪᠣᠯᠭᠠᠵᠤ᠂ ᠭᠠᠳᠠᠷ ᠣᠷᠣᠨ ᠤ ᠡᠷᠦᠬᠡ ᠠᠮᠠ ᠶᠢᠨ ᠲᠠᠩᠰᠠ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠪᠠᠶᠢᠩᠭᠤ ᠰᠠᠭᠤᠭ᠎ᠠ ᠭᠠᠵᠠᠷ ᠲᠠᠭᠠᠨ ᠳᠠᠭᠠᠳᠬᠠᠯ ᠳᠤ ᠣᠷᠣᠯᠴᠠᠬᠤ ᠠᠵᠢᠯ ᠢ ᠠᠬᠢᠭᠤᠯᠤᠨ᠎ᠠ᠃      ᠥᠷᠭᠡᠳᠬᠡᠨ᠎ᠡ — ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠶᠢ ᠥᠷᠭᠡᠳᠬᠡᠵᠦ᠂ ᠭᠡᠷ ᠪᠦᠯᠢ ᠶᠢᠨ ᠪᠦᠷᠢᠯᠳᠦᠬᠦᠨ ᠠᠴᠠ ᠨᠢ ᠣᠶᠢᠷ᠎ᠠ ᠲᠥᠷᠥᠯ ᠰᠠᠳᠤᠨ ᠬᠦᠷᠲᠡᠯ᠎ᠡ ᠥᠷᠭᠡᠳᠬᠡᠨ᠎ᠡ᠃      ᠱᠠᠩᠨᠠᠨ᠎ᠠ — ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ 2025 ᠣᠨ ᠠᠴᠠ ᠡᠬᠢᠯᠡᠨ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ 4 ᠵᠢᠯ ᠳᠠᠷᠠᠭᠠᠯᠠᠨ ᠣᠷᠣᠯᠴᠠᠭᠰᠠᠨ ᠣᠯᠠᠨ ᠲᠦᠮᠡᠨ ᠳᠤ 5 ᠳ᠋ᠤᠭᠠᠷ ᠵᠢᠯ ᠠᠴᠠ  ᠨᠢ ᠡᠬᠢᠯᠡᠨ ᠳᠠᠭᠠᠳᠬᠠᠯ ᠳᠤ ᠢᠯᠡᠭᠦᠦ 1 ᠵᠢᠯ ᠣᠷᠣᠯᠴᠠᠬᠤ ᠪᠦᠷᠢ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠨᠠᠭᠠᠳᠤ ᠵᠠᠬ᠎ᠠ ᠳᠠᠭᠠᠨ 1000 ᠲᠥᠭᠦᠷᠢᠭ ᠳᠡᠭᠡᠭᠰᠢᠯᠡᠭᠦᠯᠦᠨ᠎ᠡ︔ ᠲᠤᠬᠠᠶ ᠶᠢᠨ ᠵᠢᠯ ᠳᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠥᠬᠡᠶ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ᠂ ᠳᠠᠷᠠᠭ᠎ᠠ ᠵᠢᠯ ᠳᠤᠨᠢ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠨᠠᠭᠠᠳᠤ ᠵᠠᠬ᠎ᠠ ᠳᠠᠭᠠᠨ 1000 ᠲᠥᠭᠦᠷᠢᠭ ᠳᠡᠭᠡᠭᠰᠢᠯᠡᠭᠦᠯᠦᠨ᠎ᠡ᠃      ᠦᠰᠭᠡᠨ᠎ᠡ — 2024 ᠣᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠳᠠᠬᠢᠨ 30 ᠲᠥᠭᠦᠷᠢᠭ ᠦᠰᠭᠡᠵᠦ᠂ ᠬᠥᠮᠦᠨ ᠪᠦᠷᠢ ᠶᠢᠨ ᠬᠢ ᠶᠢ ᠵᠢᠯ ᠳᠤ 670 ᠲᠥᠭᠦᠷᠢᠭ ᠪᠣᠯᠭᠠᠨ᠎ᠠ᠃     ᠤᠷᠤᠭᠤᠯᠤᠨ᠎ᠠ — 2024 ᠣᠨ ᠤ ᠡᠴᠦᠰ ᠠᠴᠠ ᠡᠮᠦᠨ᠎ᠡ᠂ ᠨᠥᠬᠦᠴᠡᠯ ᠳᠤ ᠨᠡᠶᠢᠴᠡᠬᠦ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号