︽ᠬᠤᠪᠣᠷ ᠰᠢᠷᠣᠢ +︾ ᠪᠥᠬᠦ ᠤᠯᠤᠰ ᠤᠨ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2024/8/23
     8 ᠳ᠋ᠤᠭᠠᠷ ᠰᠠᠷ᠎ᠠ ᠶᠢᠨ 22 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠤᠣᠯᠯᠠᠨ ᠡᠷᠭᠢᠯᠡᠵᠦ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠠᠴᠠ ᠳᠠᠭᠠᠭᠠᠴᠢᠯᠠᠨ ᠡᠷᠭᠢᠯᠡᠭᠰᠡᠨ ︽ᠬᠤᠪᠣᠷ ᠰᠢᠷᠣᠢ +︾ ᠪᠥᠬᠦ ᠤᠯᠤᠰ ᠤᠨ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠪᠣᠭᠤᠳᠣ ᠳᠤ ᠠᠮᠵᠢᠯᠳᠠ ᠲᠠᠢ ᠶᠠᠪᠣᠭᠳᠠᠪᠠ᠃ ᠲᠤᠰ ᠠᠵᠢᠯᠯᠠᠭ᠎ᠠ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠢᠶᠠᠩ ᠴᠧᠩ ᠪᠦᠦ ᠠᠺᠠᠳᠧᠮᠢᠴᠢ ᠪᠣᠯᠣᠨ 11 ᠨᠡᠷᠡᠳᠦ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠪᠦᠬᠦ ᠤᠯᠤᠰ ᠤᠨ 50 ᠭᠠᠷᠤᠢ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ 150 ᠭᠠᠷᠤᠢ ᠫᠤᠰᠲ ᠳ᠋ᠣᠺᠲ᠋ᠣᠷ ᠪᠣᠯᠣᠨ ᠵᠠᠯᠠᠭᠤ ᠡᠷᠳᠡᠮᠲᠡᠨ ᠢ ᠤᠷᠢᠵᠤ ᠣᠷᠣᠯᠴᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠸ ᠹᠧᠩ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠭᠠᠳᠠᠭᠠᠳᠤ ᠳᠤ ᠰᠤᠷᠤᠯᠴᠠᠭᠰᠠᠳ ᠪᠠ ᠲᠤᠰᠬᠠᠢ ᠮᠡᠷᠭᠡᠵᠢᠯᠲᠡᠨ ᠤ ᠦᠢᠯᠡᠴᠢᠯᠡᠭᠡᠨ ᠤ ᠲᠥᠪ ︵ᠳᠤᠮᠳᠠᠳᠤ ᠤᠯᠤᠰ ᠤᠨ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠨᠡᠶᠢᠭᠡᠮᠯᠢᠭ︶ ᠤᠨ ᠳᠡᠳ᠋ ᠡᠷᠬᠢᠯᠡᠭᠴᠢ ᠸᠠᠩ ᠰᠢᠶᠣᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠴᠢᠨ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ ᠵᠡᠷᠭᠡ ᠤᠳᠤᠷᠢᠳᠤᠯᠭ᠎ᠠ ᠠᠵᠢᠯᠯᠠᠭᠠᠨ ᠳᠤ ᠣᠷᠣᠯᠴᠠᠨ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠵᠠᠩ ᠷᠦᠢ  ᠠᠴᠠ ᠠᠵᠢᠯᠯᠠᠭ᠎ᠠ ᠶᠢ ᠬᠦᠳᠦᠯᠪᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠭᠤᠤ ᠶᠦᠩ᠂ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠦᠢ ᠰᠢᠩ ᠠᠵᠢᠯᠯᠠᠭ᠎ᠠ ᠳᠤ ᠣᠷᠣᠯᠴᠠᠪᠠ᠃
   ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠪᠣᠯ ᠪᠥᠬᠦ ᠤᠯᠤᠰ ᠤᠨ ᠫᠤᠰᠲ ᠳ᠋ᠣᠺᠲ᠋ᠣᠷ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠠᠴᠠ ᠵᠥᠪᠰᠢᠶᠡᠷᠡᠨ ᠡᠷᠭᠢᠯᠡᠭᠰᠡᠨ ᠪᠥᠬᠦ ᠤᠯᠤᠰ ᠤᠨ ᠴᠢᠨᠠᠷᠲᠠᠢ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯᠲᠠᠨ ᠤ ᠡᠷᠳᠡᠮ ᠰᠢᠨᠵᠢᠯᠡᠭᠡᠨ ᠤ ᠰᠣᠯᠢᠯᠴᠠᠭᠠᠨ ᠤ ᠲᠠᠪᠴᠠᠩ ᠪᠣᠯᠣᠨ᠎ᠠ᠃ ᠲᠤᠰ ᠤᠳᠠᠭᠠᠨ ᠤ ᠠᠵᠢᠯᠯᠠᠭ᠎ᠠ ᠨᠢ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠳᠤ ᠡᠨᠧᠷᠭᠢ ᠣᠯᠭᠤᠬᠤ︾ ᠪᠠᠷ ᠭᠤᠣᠯ ᠰᠡᠳᠦᠪ ᠪᠣᠯᠭᠠᠵᠤ᠂ ᠵᠢᠶᠠᠩ ᠴᠧᠩ ᠪᠦᠦ ᠠᠺᠠᠳᠧᠮᠢᠴᠢ ᠵᠢᠴᠢ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠠᠩᠴᠦ᠋ᠨ ᠤ ᠬᠡᠷᠡᠭᠯᠡᠭᠡᠨ ᠤ ᠬᠢᠮᠢ ᠶᠢᠨ ᠰᠤᠳᠤᠯᠭᠠᠨ ᠤ ᠭᠠᠵᠠᠷ ᠵᠡᠷᠭᠡ ᠨᠢᠭᠡᠴᠡ ᠶᠢᠨ ᠬᠤᠪᠣᠷ ᠰᠢᠷᠣᠢ ᠶᠢᠨ ᠮᠠᠲ᠋ᠧᠷᠢᠶᠠᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠢ ᠣᠨᠴᠠᠭᠠᠶᠢᠯᠠᠨ ᠤᠷᠢᠵᠤ ᠡᠷᠳᠡᠮ ᠰᠢᠨᠵᠢᠯᠡᠭᠡᠨ ᠤ ᠮᠡᠳᠡᠭᠦᠯᠦᠯᠲᠡ ᠬᠢᠯᠭᠡᠵᠦ᠂ ᠡᠯ᠎ᠡ ᠭᠠᠵᠠᠷ ᠤᠨ ᠰᠢᠯᠢᠳᠡᠭ ᠲᠤᠰᠬᠠᠢ ᠮᠡᠷᠭᠡᠵᠢᠯᠲᠡᠨ ᠡᠷᠳᠡᠮᠲᠡᠨ ᠪᠣᠯᠣᠨ ᠫᠤᠰᠲ ᠳ᠋ᠣᠺᠲ᠋ᠣᠷ ᠬᠤᠪᠣᠷ ᠰᠢᠷᠣᠢ ᠶᠢᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠪᠣᠯᠣᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠬᠡᠷᠡᠭᠯᠡᠯᠲᠡ ᠶᠢᠨ ᠲᠣᠭᠤᠷᠢᠨ ᠳᠤ ᠡᠷᠳᠡᠮ ᠰᠢᠨᠵᠢᠯᠡᠭᠡᠨ ᠤ ᠰᠣᠯᠢᠯᠴᠠᠭ᠎ᠠ ᠰᠤᠳᠤᠯᠤᠨ ᠶᠠᠷᠢᠯᠴᠠᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠭᠠᠷᠭᠠᠵᠤ ᠥᠭᠴᠡᠢ᠃ ᠠᠵᠢᠯᠯᠠᠭ᠎ᠠ ᠶᠢᠨ ᠳᠤᠮᠳᠠ ᠪᠠᠰᠠ ︽ᠬᠤᠪᠣᠷ ᠰᠢᠷᠣᠢ +︾ ᠪᠥᠬᠦ ᠤᠯᠤᠰ ᠤᠨ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢᠨ ᠰᠢᠯᠢᠳᠡᠭ ᠥᠭᠦᠯᠡᠯ ᠤᠨ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃
   ᠣᠶᠢᠷ᠎ᠠ ᠶᠢᠨ ᠵᠢᠯ ᠠᠴᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠳᠡᠭᠡᠳᠦ ᠲᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ ᠤ ᠬᠥᠭᠵᠢᠯᠲᠡ ᠶᠢᠨ ᠲᠠᠪᠴᠠᠩ ᠢ ᠪᠠᠶᠢᠭᠤᠯᠬᠤ᠂ ᠴᠢᠳᠠᠪᠤᠷᠢᠲᠠᠨ ᠤ ᠳᠠᠭᠠᠭᠠᠴᠠ ᠶᠢ ᠳᠡᠭᠡᠭᠰᠢᠯᠡᠭᠦᠯᠬᠦ ᠵᠢᠴᠢ ᠫᠤᠰᠲ ᠳ᠋ᠣᠺᠲ᠋ᠣᠷ ᠤᠨ ᠠᠵᠢᠯ ᠢ ᠲᠡᠰ ᠳᠡᠪᠰᠢᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠪᠠᠷ ᠴᠢᠷᠮᠠᠶᠢᠨ ᠣᠨᠴᠠᠭᠠᠶᠢᠯᠠᠨ ᠫᠤᠰᠲ ᠳ᠋ᠣᠺᠲ᠋ᠣᠷ ᠤᠨ ︽ᠦᠷᠳᠡᠭᠡ ᠪᠠᠶᠢᠭᠤᠯᠬᠤ᠂ ᠦᠷᠳᠡᠭᠡ ᠳᠤ ᠣᠷᠣᠬᠤ᠂ ᠦᠷᠳᠡᠭᠡ ᠠᠴᠠ ᠭᠠᠷᠬᠤ︾ ᠵᠡᠷᠭᠡ ᠲᠠᠯ᠎ᠠ ᠪᠠᠷ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠵᠠᠭᠪᠤᠷ ᠢ ᠡᠭᠦᠳᠴᠡᠢ᠃ ᠬᠡᠯᠬᠢᠶ᠎ᠡ ᠪᠠᠷ ᠥᠷᠲᠡᠭᠡ ᠪᠠᠶᠢᠭᠤᠯᠵᠤ᠂ ᠥᠷᠲᠡᠭᠡ ᠪᠠᠷ ᠴᠢᠳᠠᠪᠤᠷᠢ ᠶᠢ ᠳᠡᠭᠡᠭᠰᠢᠯᠡᠭᠦᠯᠵᠦ᠂ ᠫᠤᠰᠲ ᠳ᠋ᠣᠺᠲ᠋ᠣᠷ ᠢ ᠣᠷᠣᠭᠤᠯᠤᠨ ᠠᠪᠴᠢᠷᠠᠬᠤ ᠪᠠ ᠳᠠᠪᠬᠤᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ︽ᠰᠡᠶᠢᠷᠡᠭ︾ ᠲᠠᠲᠠᠬᠤ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠣᠭᠤᠷᠢᠨ ᠳᠤ ᠥᠷᠲᠡᠭᠡ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠮᠡᠷᠭᠡᠵᠢᠯ ᠤᠨ ᠪᠣᠭᠤᠮᠢ ᠶᠢ ᠰᠢᠪᠲᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃    ᠣᠳᠣᠬᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠢᠭᠡᠨᠲᠡ 11 ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ᠂ 6 ᠫᠤᠰᠲ ᠳ᠋ᠣᠺᠲ᠋ᠣᠷ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ᠂ 168 ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠪᠠᠶᠢᠭᠤᠯᠵᠤ᠂ ᠨᠡᠶᠢᠲᠡ 500 ᠭᠠᠷᠤᠢ ᠵᠦᠢᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃     23 ᠤ ᠡᠳᠦᠷ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠡᠷᠳᠡᠮᠲᠡᠳ ᠪᠠᠰᠠ ᠪᠤᠭᠤᠲᠤ ᠬᠤᠲᠠ ᠶᠢᠨ ᠬᠤᠲᠠ ᠶᠢᠨ ᠲᠥᠯᠦᠪᠵᠢᠭᠦᠯᠭᠡ ᠶᠢᠨ ᠦᠵᠡᠰᠬᠦᠯᠡᠩ ᠤᠨ ᠣᠷᠳᠣᠨ᠂ ᠪᠤᠭᠤᠲᠤ ᠶᠢᠨ ᠬᠤᠪᠣᠷ ᠰᠢᠷᠣᠢ ᠶᠢᠨ ᠮᠦᠽᠧᠢ᠂ ᠶᠢᠨ ᠯᠢ ᠲᠣᠭᠲᠠᠮᠠᠯ ᠰᠣᠷᠢᠨᠵᠢᠨ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠵᠦ ᠲᠣᠭᠤᠷᠢᠨ ᠦᠵᠡᠵᠡᠭᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号