ᠶᠤᠸᠠᠨ ᠮᠣᠣ ᠯᠢᠨ
ᠨᠡᠶᠢᠲᠡᠯᠡᠭᠰᠡᠨ ᠴᠠᠭ᠄
2024/8/23
       ᠲᠣᠪᠴᠢ ᠨᠠᠮᠲᠠᠷ᠄ ᠶᠤᠸᠠᠨ ᠮᠣᠣ ᠯᠢᠨ᠂ ᠡᠷᠡᠭᠲᠡᠢ᠂ ᠬᠢᠲᠠᠳ ᠦᠨᠳᠦᠰᠦᠲᠡᠨ᠂ 1985 ᠣᠨ ᠤ 2 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ᠂ ᠢᠨᠵᠧᠨᠧᠷᠢᠩ ᠤᠨ ᠤᠬᠠᠭᠠᠨ ᠤ ᠪᠠᠴᠧᠯᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠲᠠᠢ᠃        ᠠᠵᠢᠯ ᠤᠨ ᠬᠤᠪᠢᠶᠠᠷᠢᠯᠠᠯ᠄ ᠭᠤᠤ ᠶᠦᠩ᠂ ᠰᠢᠦᠢ ᠰᠢᠩ ᠨᠥᠬᠦᠷ ᠢ ᠬᠠᠪᠰᠤᠷᠴᠤ ᠠᠵᠢᠯᠯᠠᠨ᠎ᠠ᠃        ᠬᠥᠭᠵᠢᠭᠦᠯᠦᠯᠲᠡ ᠥᠭᠡᠷᠡᠴᠢᠯᠡᠯᠲᠡ᠂ ᠲᠤᠭ᠎ᠠ ᠪᠦᠷᠢᠳᠬᠡᠯ᠂ ᠬᠤᠳᠠᠯᠳᠤᠭᠠᠨ ᠤ ᠶᠠᠪᠤᠳᠠᠯ᠂ ᠡᠳ᠋ ᠤᠨ ᠵᠠᠰᠠᠭ ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠬᠠᠷᠭᠤᠭᠤᠯᠤᠯᠲᠠ᠂ ᠡᠳ᠋ ᠤᠨ ᠵᠠᠰᠠᠭ ᠤᠨ ᠵᠠᠷᠤᠳᠠᠯ ᠤᠨ ᠵᠠᠷᠤᠯᠭ᠎ᠠ ᠶᠢᠨ ᠬᠢᠨᠠᠯᠲᠠ ᠬᠠᠮᠢᠶᠠᠷᠤᠯᠲᠠ᠂ ᠴᠢᠬᠤᠯᠠ ᠶᠡᠭᠡ ᠲᠥᠷᠥᠯ ᠵᠦᠢᠯ ᠤᠨ ᠪᠡᠯᠡ ᠲᠣᠬᠢᠷᠠᠭᠤᠯᠭ᠎ᠠ᠂ ᠪᠠᠩᠬᠢ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠦᠷᠢᠶᠡᠯᠡᠩ ᠣᠷᠣᠨ ᠤ ᠠᠵᠤ ᠠᠬᠤᠢ ᠶᠢᠨ ᠠᠵᠢᠯᠯᠠᠭᠠᠨ᠂ ᠤᠯᠤᠰ ᠤᠨ ᠥᠮᠴᠢᠯᠡᠯᠲᠦ ᠬᠠᠮᠢᠶᠠᠷᠤᠯᠲᠠ ᠵᠢᠴᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠤᠰᠢᠶᠠᠨ ᠰᠢᠢᠳᠪᠦᠷᠢᠯᠡᠭᠦᠯᠬᠦ ᠠᠵᠢᠯ ᠢ ᠬᠠᠷᠢᠭᠤᠴᠠᠨ᠎ᠠ᠃        ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ︵ᠪᠠᠴᠢᠮ ᠪᠠᠶᠢᠳᠠᠯ ᠢ ᠠᠷᠭᠠᠴᠠᠬᠤ︶᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠪ᠂ ᠬᠢᠨᠠᠨ ᠲᠣᠭᠲᠠᠭᠠᠵᠤ ᠬᠤᠷᠢᠶᠠᠬᠤ ᠥᠭᠬᠦ ᠲᠥᠪ᠂ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠤᠸ ᠰᠢᠨ ᠰᠲ᠋ᠣᠺ ᠡᠵᠡᠮᠳᠡᠬᠦ ᠺᠣᠮᠫᠠᠨᠢ᠂ ᠪᠢᠨ ᠾᠧ ᠺᠣᠮᠫᠠᠨᠢ᠂ ᠬᠤᠪᠣᠷ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ ᠲᠠᠢ ᠬᠠᠷᠢᠯᠴᠠᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号