ᠵᠢᠷᠭᠤᠭᠠᠨ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/8/23
   8 ᠳ᠋ᠤᠭᠠᠷ ᠰᠠᠷ᠎ᠠ ᠶᠢᠨ 21 ᠤ ᠡᠳᠦᠷ᠂ ︽ᠮᠣᠩᠭᠤᠯ ᠰᠢᠨᠵᠢᠯᠡᠬᠦ ᠤᠬᠠᠭᠠᠨ ᠤ ᠴᠤᠭᠯᠠᠭᠠᠨ︾ ᠤ 38 ᠳ᠋ᠤᠭᠠᠷ ᠬᠤᠭᠤᠴᠠᠭᠠᠨ ᠤ ᠲᠤᠰᠬᠠᠢ ᠰᠡᠳᠦᠪᠲᠦ ᠦᠷ᠎ᠡ ᠪᠦᠲᠦᠭᠡᠯ ᠢ ᠨᠡᠶᠢᠲᠡᠯᠡᠬᠦ ᠬᠤᠷᠠᠯ ︱ ︱ ᠬᠥᠩᠭᠡᠨ ᠴᠠᠭᠠᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠲᠤᠰᠬᠠᠢ ᠰᠡᠳᠦᠪᠲᠦ ᠨᠡᠶᠢᠲᠡᠯᠡᠯ ᠵᠢᠴᠢ ᠪᠤᠭᠤᠲᠤ ᠬᠤᠲᠠ ᠶᠢᠨ ᠭᠤᠴᠢᠨ ᠬᠤᠶᠠᠳᠤᠭᠠᠷ ᠲᠠᠯᠠᠪᠤᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠶᠢᠭᠡᠮᠯᠢᠭ ᠤᠨ ᠵᠣᠴᠢᠯᠠᠬᠤ ᠲᠢᠩᠬᠢᠮ ᠤᠨ ᠠᠵᠢᠯᠯᠠᠭ᠎ᠠ ᠬᠤᠪᠣᠷ ᠰᠢᠷᠣᠢ ᠶᠢᠨ ᠲᠣᠮᠣ ᠠᠰᠠᠷ ᠲᠤ ᠶᠠᠪᠤᠭᠳᠠᠪᠠ᠂ ᠬᠤᠷᠠᠯ ᠳᠡᠭᠡᠷ᠎ᠡ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠨᠡᠶᠢᠲᠡ ᠵᠢᠷᠭᠤᠭᠠᠨ ᠵᠦᠢᠯ ᠤᠨ ᠬᠥᠩᠭᠡᠨ ᠴᠠᠭᠠᠨ ᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠪᠡ᠃
   ᠲᠣᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠪ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠬᠠᠮᠲᠤᠷᠠᠨ ᠡᠷᠭᠢᠯᠡᠵᠦ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ︵ᠮᠣᠩᠭᠤᠯ ᠰᠢᠨᠵᠢᠯᠡᠬᠦ ᠤᠬᠠᠭᠠᠨ ᠤ ᠴᠤᠭᠯᠠᠷᠠᠯ ᠤᠨ ᠪᠤᠭᠤᠲᠤ ᠶᠢᠨ ᠬᠤᠪᠢᠶᠠᠷᠢ ᠲᠥᠪ︶ ᠳᠠᠭᠠᠭᠠᠴᠢᠯᠠᠨ ᠡᠷᠭᠢᠯᠡᠵᠦ᠂ ᠮᠣᠩᠭᠤᠯ ᠰᠢᠨᠵᠢᠯᠡᠬᠦ ᠤᠬᠠᠭᠠᠨ ᠤ ᠴᠤᠭᠯᠠᠷᠠᠯ ᠤᠨ ᠰᠢᠨ᠎ᠡ ᠶᠢ ᠡᠭᠦᠳᠬᠦ ᠬᠥᠳᠡᠯᠭᠡᠭᠦᠷ ᠤᠨ ᠲᠠᠪᠴᠠᠩ ᠠᠴᠠ ᠮᠡᠷᠭᠡᠵᠢᠯ ᠤᠨ ᠳᠡᠮᠵᠢᠯᠭᠡ ᠬᠠᠩᠭᠠᠪᠠ᠃ ᠡᠭᠦᠨ ᠤ ᠵᠣᠷᠢᠯᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠥᠩᠭᠡᠨ ᠴᠠᠭᠠᠨ ᠤ ᠠᠵᠤ ᠦᠢᠯᠡᠰ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠬᠥᠩᠭᠡᠨ ᠴᠠᠭᠠᠨ ᠤ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠤᠷᠲᠤᠳᠬᠠᠵᠤ᠂ ᠮᠠᠨ ᠤ ᠬᠤᠲᠠ ᠶᠢᠨ ᠬᠦᠩᠭᠡᠨᠴᠠᠭᠠᠨ ᠤ ᠠᠵᠤ ᠦᠢᠯᠡᠰ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠠ ᠥᠷᠲᠡᠭ ᠤᠨ ᠪᠦᠲᠦᠭᠡᠯᠴᠢ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠩᠭᠡᠨ ᠴᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠳᠡ ᠶᠢ ᠲᠦᠯᠬᠢᠨ ᠠᠬᠢᠭᠤᠯᠪᠠ᠃    ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠰᠤᠳᠤᠯᠬᠤ ᠬᠦᠷᠢᠶᠡᠯᠡᠩ ᠤᠨ ᠨᠡᠶᠢᠲᠡᠯᠡᠭᠰᠡᠨ ᠵᠢᠷᠭᠤᠭᠠᠨ ᠵᠦᠢᠯ ᠤᠨ ᠬᠥᠩᠭᠡᠨ ᠴᠠᠭᠠᠨ ᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠳᠤ᠄  ︽ᠬᠤᠪᠣᠷ ᠰᠢᠷᠣᠢ ᠶᠢᠨ ᠴᠢᠨᠠᠷ ᠢ ᠥᠭᠡᠷᠡᠴᠢᠯᠡᠬᠦ Al-Ti-B ᠨᠠᠷᠢᠯᠢᠭᠵᠢᠭᠤᠯᠬᠤ ᠡᠳ᠋ ᠢ ᠰᠤᠳᠤᠯᠤᠨ ᠨᠡᠭᠡᠭᠡᠬᠦ ᠪᠠ ᠬᠡᠷᠡᠭᠯᠡᠬᠦ ᠦᠢᠯᠡᠳᠦᠯᠭᠡ︾ ︽ᠬᠥᠩᠭᠡᠨ ᠴᠠᠭᠠᠨ ᠤ ᠬᠠᠶᠢᠯᠤᠰᠢ ᠶᠢᠨ ᠬᠡᠲᠦ ᠲᠠᠭᠤᠨ ᠨᠠᠷᠢᠯᠢᠭᠵᠢᠭᠤᠯᠬᠤ ᠮᠡᠷᠭᠡᠵᠢᠯ ᠬᠢᠭᠡᠳ ᠲᠣᠨᠤᠭ ᠲᠥᠬᠦᠭᠡᠷᠦᠮᠵᠢ︾ ︽ᠬᠥᠩᠭᠡᠨ ᠴᠠᠭᠠᠨ ᠤ ᠬᠠᠶᠢᠯᠤᠰᠢ ᠶᠢᠨ ᠴᠢᠨᠠᠷ ᠰᠠᠶᠢᠲᠠᠢ ᠳᠠᠬᠢᠨ ᠤᠷᠭᠤᠭᠤᠯᠬᠤ ᠮᠡᠷᠭᠡᠵᠢᠯ︾ ︽ᠡᠯᠪᠡᠭ ᠪᠠᠶᠠᠯᠢᠭ ᠬᠤᠪᠣᠷ ᠰᠢᠷᠣᠢ ᠶᠢᠨ ᠴᠢᠨᠠᠷ ᠢ ᠬᠤᠪᠢᠷᠠᠭᠤᠯᠬᠤ ᠮᠡᠷᠭᠡᠵᠢᠯ ᠬᠢᠭᠡᠳ ᠬᠡᠷᠡᠭᠯᠡᠯᠲᠡ︾ ︽ᠳᠡᠭᠡᠳᠦ ᠴᠢᠳᠠᠪᠬᠢᠲᠤ ᠬᠥᠩᠭᠡᠨ ᠴᠠᠭᠠᠨ ᠤ ᠬᠠᠶᠢᠯᠤᠰᠢ ᠵᠢᠴᠢ ᠨᠡᠶᠢᠯᠡᠮᠡᠯ ᠮᠠᠲ᠋ᠧᠷᠢᠶᠠᠯ︾ ︽ᠬᠥᠳᠡᠯᠭᠡᠭᠴᠢ ᠬᠦᠴᠦᠨ ᠤ ᠳ᠋ᠢᠶᠠᠨ ᡂᠢ ᠳᠤ ᠬᠡᠷᠡᠭᠯᠡᠬᠦ ᠬᠤᠪᠣᠷ ᠰᠢᠷᠣᠢ ᠶᠢᠨ ᠴᠢᠨᠠᠷ ᠢ ᠥᠭᠡᠷᠡᠴᠢᠯᠡᠬᠦ ᠬᠥᠩᠭᠡᠨ ᠴᠠᠭᠠᠨ ᠤ ᠬᠠᠶᠢᠯᠤᠰᠢ ᠶᠢᠨ ᠨᠡᠶᠢᠯᠡᠮᠡᠯ ᠬᠠᠪᠲᠠᠰᠤ ᠶᠢᠨ ᠵᠠᠩᠭᠢᠯᠠᠭ᠎ᠠ ᠶᠢᠨ ᠪᠡᠯᠡᠳᠬᠡᠯ ᠮᠡᠷᠭᠡᠵᠢᠯ︾ ᠵᠡᠷᠭᠡ ᠪᠠᠭᠳᠠᠨ᠎ᠠ᠃  ᠪᠥᠬᠦ ᠬᠤᠲᠠ ᠶᠢᠨ ᠬᠥᠩᠭᠡᠨᠴᠠᠭᠠᠨ ᠤ ᠰᠡᠭᠦᠯᠴᠢ ᠶᠢᠨ ᠡᠳ᠋ᠰᠢᠭᠦᠯᠦᠯᠲᠡ ᠶᠢᠨ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠰᠡᠳᠦᠪᠲᠦ ᠠᠬᠢᠭᠤᠯᠬᠤ ᠬᠤᠷᠠᠯ ᠤᠨ ᠳᠠᠷᠠᠭ᠎ᠠ᠂ ᠪᠢᠳᠡ ᠬᠤᠯᠪᠣᠭᠳᠠᠯ ᠪᠦᠬᠦᠢ ᠬᠥᠩᠭᠡᠨᠴᠠᠭᠠᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠰᠲ᠋ᠧᠮ ᠲᠠᠢ ᠪᠠᠷ ᠰᠤᠷᠪᠤᠯᠵᠢᠯᠠᠵᠤ᠂ ᠲᠡᠳᠡᠨ ᠤ ᠳᠤᠷᠠᠳᠤᠭᠰᠠᠨ ᠨᠡᠶᠢᠲᠡᠯᠢᠭ ᠴᠢᠨᠠᠷᠲᠠᠢ ᠠᠰᠠᠭᠤᠳᠠᠯ ᠢ ᠡᠷᠢᠵᠦ ᠣᠯᠣᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠡᠲᠡᠭᠡᠷ ᠠᠰᠠᠭᠤᠳᠠᠯ ᠢ ᠡᠮᠬᠢᠯᠡᠨ ᠳᠢᠭᠯᠡᠪᠡ᠃ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠶᠠᠩ ᠵᠢᠶᠠᠨ ᠢᠩ ᠲᠠᠨᠢᠯᠴᠠᠭᠤᠯᠬᠤ ᠳᠠᠭᠠᠨ᠂ ᠲᠣᠰ ᠮᠡᠳᠡᠭᠦᠯᠦᠯᠲᠡ ᠶᠢ ᠥᠨᠥᠳᠥᠷ 6 ᠬᠤᠪᠢ ᠬᠠᠨᠳᠤᠯᠭᠠᠲᠤ ᠴᠢᠨᠠᠷᠲᠠᠢ ᠮᠡᠳᠡᠭᠦᠯᠦᠯᠲᠡ ᠶᠢ ᠰᠣᠩᠭᠤᠨ ᠨᠡᠶᠢᠲᠡᠯᠡᠵᠦ᠂ ᠪᠤᠭᠤᠲᠤ ᠶᠢᠨ ᠬᠥᠩᠭᠡᠨ ᠴᠠᠭᠠᠨ ᠤ ᠠᠵᠤ ᠦᠢᠯᠡᠳᠪᠦᠷᠢ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠳᠤ ᠬᠠᠪᠰᠤᠷᠤᠯᠭ᠎ᠠ ᠦᠵᠡᠭᠦᠯᠵᠦ᠂ ᠬᠥᠩᠭᠡᠨᠴᠠᠭᠠᠨ ᠤ ᠠᠵᠤ ᠦᠢᠯᠡᠳᠪᠦᠷᠢ ᠶᠢᠨ ᠶᠠᠰᠤ ᠴᠢᠨᠠᠷ ᠢ ᠲᠦᠷᠭᠡᠨ ᠳᠡᠭᠡᠭᠰᠢᠯᠡᠭᠦᠯᠵᠦ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠬᠦ ᠳᠤ ᠨᠠᠩ ᠰᠠᠶᠢᠨ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃     ︽ᠬᠥᠩᠭᠡᠨᠴᠠᠭᠠᠨ ᠤ ᠬᠠᠶᠢᠯᠤᠰᠢ ᠶᠢᠨ ᠬᠡᠲᠦ ᠲᠠᠭᠤᠨ ᠳᠣᠯᠭᠢᠶᠠᠨ ᠢᠶᠠᠷ ᠨᠠᠷᠢᠯᠢᠭᠵᠢᠭᠤᠯᠬᠤ ᠮᠡᠷᠭᠡᠵᠢᠯ ᠪᠣᠯᠣᠨ ᠲᠣᠨᠤᠭ ᠲᠥᠬᠦᠭᠡᠷᠦᠮᠵᠢ︾ ᠶᠢᠨ ᠦᠷ᠎ᠡ ᠪᠦᠲᠦᠭᠡᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠳᠣᠷᠣᠨᠠᠳᠠᠬᠢᠨ ᠤ ᠬᠢᠨ ᠭᠦᠶᠠᠩ ᠤᠨ ᠳ᠋ᠦᠩ ᠢᠦᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠷᠢᠭᠤᠴᠠᠯᠭᠠᠲᠠᠨ ᠱᠧᠨ ᠭᠤᠸᠠᠩ ᠴᠢᠩ ᠡᠭᠦᠨ ᠳᠤ ᠮᠠᠰᠢ ᠰᠣᠨᠢᠷᠬᠠᠯ ᠲᠠᠢ ᠪᠠᠶᠢᠬᠤ ᠶᠢ ᠬᠦᠰᠡᠵᠦ ᠪᠠᠶᠢᠨ᠎ᠠ ᠭᠡᠪᠠ᠃ ︽ᠮᠠᠨ ᠤ ᠠᠵᠤ ᠠᠬᠤᠶᠢᠯᠠᠯ ᠡᠨᠡ ᠬᠦ ᠠᠷᠭ᠎ᠠ ᠶᠢ ᠬᠡᠷᠡᠭᠯᠡᠬᠦ ᠶᠢ ᠪᠣᠳᠣᠯᠬᠢᠯᠠᠵᠤ᠂ ᠤᠷᠢᠳ ᠢᠶᠠᠷ ᠨᠢᠭᠡ ᠦᠢᠯᠡᠳᠪᠦᠷᠢᠯᠡᠯ ᠤᠨ ᠱᠤᠭᠤᠮ ᠢ ᠰᠣᠩᠭᠤᠨ ᠲᠤᠷᠰᠢᠯᠲᠠ ᠬᠢᠵᠦ ᠪᠣᠯᠣᠨ᠎ᠠ︾ ᠭᠡᠵᠡᠢ᠃ ︽ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠨ᠂ ᠰᠢᠨ᠎ᠡ ᠪᠠᠷ ᠨᠡᠶᠢᠲᠡᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠢᠯᠡᠳᠦᠯ ᠢ ᠪᠠᠳᠠᠷᠠᠭᠤᠯᠵᠤ᠂ ᠬᠥᠩᠭᠡᠨ ᠴᠠᠭᠠᠨ ᠤ ᠠᠵᠤ ᠦᠢᠯᠡᠰ᠂ ᠬᠤᠪᠣᠷ ᠰᠢᠷᠣᠢ ᠶᠢᠨ ᠬᠥᠩᠭᠡᠨ ᠴᠠᠭᠠᠨ ᠤ ᠬᠠᠶᠢᠯᠤᠰᠢ ᠶᠢᠨ ᠠᠵᠤ ᠦᠢᠯᠡᠰ ᠪᠣᠯᠣᠨ ᠬᠥᠩᠭᠡᠨ ᠴᠠᠭᠠᠨ ᠤ ᠳᠠᠷᠠᠭᠠᠬᠢ ᠠᠵᠤ ᠦᠢᠯᠡᠰ ᠤᠨ ᠪᠤᠭᠤᠲᠤ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂  ᠬᠥᠩᠭᠡᠨᠴᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠩᠭᠡᠨᠴᠠᠭᠠᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠪᠠ ᠮᠢᠩᠭᠠᠨ ᠳ᠋ᠦᠩᠰᠢᠭᠤᠷ ᠳᠡᠰ ᠤᠨ ᠬᠥᠩᠭᠡᠨᠴᠠᠭᠠᠨ ᠤ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠡᠢ︾ ᠭᠡᠵᠦ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᠵᠢᠩ ᠢᠯᠡᠳᠬᠡᠪᠡ᠃     ᠭᠤᠣᠯᠯᠠᠨ ᠡᠷᠬᠢᠯᠡᠬᠦ ᠨᠢᠭᠡᠴᠡ᠂ ᠳᠠᠭᠠᠭᠠᠨ ᠭᠦᠢᠴᠡᠳᠬᠡᠬᠦ ᠨᠢᠭᠡᠴᠡ᠂ ᠳᠡᠮᠵᠢᠬᠦ ᠨᠢᠭᠡᠴᠡ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠥᠪᠥᠷ ᠮᠣᠩᠭᠤᠯ ᠤᠨ ᠲᠡᠮᠦᠷᠯᠢᠭ ᠮᠠᠲ᠋ᠧᠷᠢᠶᠠᠯ ᠰᠤᠳᠤᠯᠬᠤ ᠭᠠᠵᠠᠷ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠤᠯᠤᠰ ᠤᠨ ᠮᠡᠷᠭᠡᠵᠢᠯ ᠰᠢᠯᠵᠢᠭᠦᠯᠬᠦ ᠲᠥᠪ᠂ ᠪᠤᠭᠤᠲᠤ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠵᠡᠷᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠪᠤᠭᠤᠲᠤ ᠶᠢᠨ ᠬᠥᠩᠭᠡᠨᠴᠠᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠳ᠋ᠦᠩ ᠾᠧ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠪᠥᠬᠦ ᠬᠤᠲᠠ ᠶᠢᠨ ᠬᠥᠩᠭᠡᠨᠴᠠᠭᠠᠨ ᠤ ᠠᠵᠤ ᠦᠢᠯᠡᠰ᠂ ᠬᠤᠪᠣᠷ ᠰᠢᠷᠣᠢ ᠶᠢᠨ ᠠᠵᠤ ᠦᠢᠯᠡᠰ ᠤᠨ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠡᠶᠢᠲᠡ 100 ᠭᠠᠷᠤᠢ ᠬᠥᠮᠥᠨ ᠲᠣᠰ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号