ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠠᠩᠭᠢ ᠬᠤᠪᠢᠶᠠᠬᠤ ᠠᠯᠪᠠᠨ ᠵᠠᠷ
ᠨᠡᠶᠢᠲᠡᠯᠡᠭᠰᠡᠨ ᠴᠠᠭ᠄
2024/8/26
       ︽ᠪᠤᠭᠤᠲᠤ ᠬᠤᠲᠠ ᠶᠢᠨ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠵᠢᠯᠣᠭᠤᠳᠬᠤ ᠰᠠᠨᠠᠯ︾ ᠵᠢᠴᠢ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠢᠯᠡ ᠲᠣᠳᠣ ᠠᠩᠭᠢ ᠬᠤᠪᠢᠶᠠᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠲᠤᠬᠠᠶ ᠰᠠᠨᠠᠭᠤᠯᠬᠤ ᠵᠠᠬᠢᠳᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠣᠰ ᠤᠳᠠᠭᠠᠨ ᠤ ᠢᠯᠡ ᠪᠠᠷ ᠠᠩᠭᠢ ᠬᠤᠪᠢᠶᠠᠬᠤ ᠠᠵᠢᠯ ᠢ ᠣᠨᠴᠠᠭᠠᠶᠢᠯᠠᠨ ᠥᠷᠨᠢᠭᠦᠯᠪᠡ᠃ᠨᠢᠭᠡ᠂ ᠠᠩᠭᠢ ᠬᠤᠪᠢᠶᠠᠬᠤ ᠴᠠᠭ ᠪᠠ ᠭᠠᠵᠠᠷ       ᠴᠠᠭ᠄ 2024 ᠣᠨ ᠤ 8 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ 10᠄ 00       ᠭᠠᠵᠠᠷ ᠣᠷᠣᠨ᠄ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠮᠡᠳᠡᠭᠦᠯᠦᠯᠲᠡ ᠶᠢᠨ ᠲᠢᠩᠬᠢᠮᠬᠤᠶᠠᠷ᠂ ᠡᠯᠰᠡᠭᠰᠡᠨ ᠪᠠ ᠠᠩᠭᠢ ᠬᠤᠪᠢᠶᠠᠭᠰᠠᠨ ᠦᠷ᠎ᠡ ᠳ᠋ᠦᠩ ᠤᠨ ᠪᠠᠶᠢᠴᠠᠭᠠᠨ ᠯᠠᠪᠯᠠᠬᠤ       ᠪᠠᠶᠢᠴᠠᠭᠠᠨ ᠯᠠᠪᠯᠠᠬᠤ ᠴᠠᠭ᠄ 2024 ᠣᠨ ᠤ 8 ᠰᠠᠷ᠎ᠠ ᠶᠢᠨ 26 ᠤ ᠡᠳᠦᠷ ᠠᠴᠠ 8 ᠰᠠᠷ᠎ᠠ ᠶᠢᠨ 30 ᠤ ᠡᠳᠦᠷ      ᠪᠠᠶᠢᠴᠠᠭᠠᠨ ᠯᠠᠪᠯᠠᠬᠤ ᠠᠷᠭ᠎ᠠ ᠮᠠᠶ᠋ᠢᠭ᠄ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠡᠷ ᠤᠨ ᠠᠬᠠᠮᠠᠳ ᠰᠤᠷᠭᠠᠭᠤᠯᠢ ᠬᠤᠪᠢᠶᠠᠨ ᠠᠩᠭᠢ ᠬᠤᠪᠢᠶᠠᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠵᠤ ᠪᠣᠯᠤᠨ᠎ᠠ᠃ ᠪᠠᠭ᠎ᠠ ᠰᠤᠷᠭᠠᠭᠤᠯᠢ ᠶᠢᠨ ᠭᠡᠷ ᠤᠨ ᠠᠬᠠᠮᠠᠳ ᠪᠤᠭᠤᠲᠤ ᠶᠢᠨ ᠰᠤᠷᠭᠠᠨ ᠬᠥᠮᠦᠵᠢᠯ ᠤᠨ ᠡᠭᠦᠯᠡᠨ ᠲᠠᠪᠴᠠᠩ ︵www.btjy.net︶ ᠳᠤ ᠭᠠᠷᠴᠤ᠂ ᠰᠤᠷᠤᠭᠴᠢᠳ ᠤᠨ ᠣᠪᠣᠭ ᠨᠡᠷ᠎ᠡ ᠪᠠ ᠪᠡᠶ᠎ᠡ ᠶᠢᠨ ᠦᠨᠡᠮᠯᠡᠯ ᠤᠨ ᠨᠣᠮᠧᠷ ᠢᠶᠠᠷ ᠪᠠᠶᠢᠴᠠᠭᠠᠨ ᠯᠠᠪᠯᠠᠵᠤ ᠡᠯᠰᠡᠬᠦ ᠰᠤᠷᠭᠠᠭᠤᠯᠢ ᠵᠢᠴᠢ ᠠᠩᠭᠢ ᠬᠤᠪᠢᠶᠠᠭᠰᠠᠨ ᠦᠷ᠎ᠡ ᠳ᠋ᠦᠩ ᠢᠶᠠᠨ ᠯᠠᠪᠯᠠᠵᠤ ᠪᠣᠯᠤᠨ᠎ᠠ᠃      ᠨᠡᠷ᠎ᠡ ᠮᠡᠳᠡᠭᠦᠯᠬᠦ ᠱᠠᠭᠠᠷᠳᠠᠯᠭ᠎ᠠ᠄ ᠬᠡᠷ ᠤᠨ ᠠᠬᠠᠮᠠᠳ ᠪᠠᠶᠢᠴᠠᠭᠠᠨ ᠯᠠᠪᠯᠠᠬᠤ ᠦᠷ᠎ᠡ ᠳ᠋ᠦᠩ ᠳᠤ ᠰᠠᠨᠠᠭᠤᠯᠬᠤ ᠴᠠᠭ ᠪᠠ ᠱᠠᠭᠠᠷᠳᠠᠯᠭ᠎ᠠ ᠶᠣᠰᠣᠭᠠᠷ᠂ ᠬᠦᠴᠦᠨ ᠪᠥᠬᠦᠶ ᠦᠨᠡᠮᠯᠡᠯ ︵ᠨᠡᠷ᠎ᠡ ᠮᠡᠳᠡᠭᠦᠯᠬᠦ ᠰᠣᠷᠣᠭᠴᠢ ᠶᠢᠨ ᠡᠷᠦᠬᠡ ᠠᠮᠠ ᠶᠢᠨ ᠳᠡᠪᠲᠡᠷ ᠪᠤᠶᠤ ᠪᠡᠶ᠎ᠡ ᠶᠢᠨ ᠦᠨᠡᠮᠯᠡᠯ︶ ᠢᠶᠠᠨ ᠠᠪᠴᠤ ᠰᠤᠷᠭᠠᠭᠤᠯᠢ ᠳᠤ ᠬᠦᠷᠴᠦ ᠨᠡᠷ᠎ᠡ ᠮᠡᠳᠡᠭᠦᠯᠦᠨ᠎ᠡ᠃ ᠰᠤᠷᠭᠠᠭᠤᠯᠢ ᠳᠤ ᠣᠷᠣᠬᠤ ᠠᠴᠠ ᠡᠮᠦᠨ᠎ᠡ ᠨᠡᠷ᠎ᠡ ᠮᠡᠳᠡᠭᠦᠯᠦᠭᠰᠡᠨ ᠦᠭᠡᠢ ᠪᠣᠯ ᠰᠤᠷᠭᠠᠭᠤᠯᠢ ᠳᠤ ᠣᠷᠣᠬᠤ ᠠᠴᠠ ᠡᠮᠦᠨ᠎ᠡ ᠲᠣᠬᠢᠷᠠᠭᠤᠯᠤᠭᠰᠠᠨ ᠢᠶᠠᠷ ᠪᠣᠳᠣᠨ᠎ᠠ᠃ᠭᠤᠷᠪᠠ᠂ ᠬᠠᠯᠠᠭᠤᠨ ᠳᠣᠲᠣᠨᠣ ᠰᠠᠨᠠᠭᠤᠯᠤᠮᠵᠢ      ᠠᠰᠠᠭᠤᠨ ᠯᠠᠪᠯᠠᠬᠤ ᠬᠤᠭᠤᠴᠠᠭᠠᠨ ᠳᠤ ᠶᠡᠭᠡ ᠬᠡᠮᠵᠢᠶᠡᠨ ᠤ ᠬᠡᠷ ᠤᠨ ᠠᠬᠠᠮᠠᠳ ᠵᠡᠷᠭᠡ ᠪᠠᠷ ᠠᠶᠢᠯᠴᠢᠯᠠᠵᠤ ᠮᠡᠳᠡᠨ᠎ᠡ᠂ ᠵᠢᠱᠢᠶᠡᠯᠡᠪᠡᠯ ᠰᠦᠯᠵᠢᠶᠡᠨ ᠤ ᠲᠦᠭᠵᠢᠷᠡᠯ ᠲᠣᠬᠢᠶᠠᠯᠳᠤᠪᠠᠯ᠂ ᠬᠡᠷ ᠤᠨ ᠠᠬᠠᠮᠠᠳ ᠬᠦᠯᠢᠴᠡᠩᠭᠦᠶ ᠪᠠᠷ ᠬᠦᠯᠢᠶᠡᠬᠦ ᠬᠡᠷᠡᠭᠲᠡᠶ᠃      ᠰᠤᠷᠭᠠᠭᠤᠯᠢ ᠡᠬᠢᠯᠡᠬᠦ ᠪᠣᠳᠠᠲᠠᠶ ᠱᠠᠭᠠᠷᠳᠠᠯᠭ᠎ᠠ᠂ ᠴᠠᠭ ᠵᠢᠴᠢ ᠲᠠᠷᠠᠭᠠᠴᠢ ᠶᠢᠨ ᠠᠩᠬᠠᠷᠬᠤ ᠵᠦᠢᠯᠡᠰ ᠲᠤ᠂ ᠬᠡᠷ ᠤᠨ ᠠᠬᠠᠮᠠᠳ ᠠᠴᠠ ᠰᠤᠷᠭᠠᠭᠤᠯᠢ ᠶᠢᠨ ᠠᠯᠪᠠᠨ ᠤ ᠨᠡᠶᠢᠲᠡ ᠶᠢᠨ ᠳ᠋ᠤᠭᠠᠷ ᠢ ᠦᠷᠭᠦᠯᠵᠢᠯᠡᠨ ᠠᠩᠬᠠᠷᠤᠨ ᠮᠡᠳᠡᠭᠦᠯᠵᠦ᠂ ᠴᠠᠭ ᠲᠤᠬᠠᠶ ᠳᠤᠨᠢ ᠬᠠᠮᠤᠭ ᠤᠨ ᠰᠢᠨ᠎ᠡ ᠮᠡᠳᠡᠭᠡ ᠵᠠᠩᠭᠢ ᠶᠢ ᠤᠯᠬᠤ ᠬᠡᠷᠡᠭᠲᠡᠶ᠃      ᠠᠰᠠᠭᠤᠨ ᠯᠠᠪᠯᠠᠬᠤ ᠠᠷᠭ᠎ᠠ ᠮᠠᠶ᠋ᠢᠭ᠄      ᠬᠡᠷᠪᠡ ᠶᠠᠮᠠᠷ ᠮᠠᠳᠠᠭ ᠪᠠᠶᠢᠪᠠᠯ᠂ ᠠᠰᠠᠭᠤᠨ ᠯᠠᠪᠯᠠᠬᠤ ᠤᠲᠠᠰᠤ ᠴᠣᠬᠢᠨ᠎ᠠ᠄ 5311005 ᠤᠲᠠᠰᠤᠳᠠᠭᠠᠷᠠᠢ  ᠃                    ᠪᠤᠭᠤᠲᠤ ᠶᠢᠨ ᠬᠤᠪᠣᠷ ᠰᠢᠷᠤᠢ ᠳᠡᠭᠡᠳᠦ  ᠰᠢᠨ᠎ᠡ  ᠮᠡᠷᠭᠡᠵᠢᠯ ᠤᠨ ᠣᠷᠣᠨ ᠤ                             ᠰᠤᠷᠭᠠᠨ ᠬᠥᠮᠦᠵᠢᠯ ᠤᠨ ᠲᠣᠪᠴᠢᠶ᠎ᠠ                            2024 ᠣᠨ ᠤ 8 ᠰᠠᠷ᠎ᠠ ᠶᠢᠨ 24 ᠤ ᠡᠳᠦᠷ
 
ᠢᠷᠡᠯᠲᠡ᠄ ᠪᠤᠭᠤᠲᠤ ᠶᠢᠨ ᠬᠤᠪᠣᠷ ᠰᠢᠷᠤᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号