ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠵᠦ ᠠᠷᠠᠳ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/8/27
      ︽ᠪᠤᠳᠠᠭᠠᠨ ᠠᠶᠠᠭ᠎ᠠ ᠨᠢ ᠬᠡᠳᠦ᠋ᠢᠪᠡᠷ ᠪᠠᠭ᠎ᠠ ᠪᠣᠯᠪᠠᠴᠤ ᠠᠷᠠᠳ ᠤᠨ ᠰᠠᠨᠠᠭ᠎ᠠ  ᠶᠢ ᠰᠠᠪᠠᠯᠠᠵᠤ᠂ ᠰᠠᠭᠰᠤ ᠨᠢ ᠶᠡᠭᠡ ᠪᠢᠰᠢ  ᠪᠣᠯᠪᠠᠴᠤ ᠠᠷᠠᠳ ᠤᠨ ᠰᠡᠳᠬᠢᠯ ᠲᠠᠢ ᠬᠤᠯᠪᠣᠭᠳᠠᠵᠤ ᠪᠠᠶᠢᠳᠠᠭ 》᠃ ᠠᠷᠠᠳ ᠲᠤ ᠳᠥᠭᠦᠮ ᠵᠠᠬ᠎ᠠ ᠳᠡᠯᠭᠡᠭᠦᠷ ᠢ ᠰᠠᠶᠢᠲᠤᠷ ᠬᠠᠮᠢᠶᠠᠷᠬᠤ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠮᠥᠷᠲᠡᠭᠡᠨ ᠬᠤᠲᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠲᠠᠢ ᠬᠤᠯᠪᠣᠭᠳᠠᠬᠤ ᠶᠤᠮ᠃ ᠡᠨᠡ ᠵᠢᠯ ᠠᠴᠠ ᠨᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠤᠲᠠ᠂  ᠤᠷᠤᠨ ᠤ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠢ ᠥᠷᠨᠢᠭᠦᠯᠬᠦ ᠲᠤᠬᠠᠶ ᠱᠠᠭᠠᠷᠳᠠᠯᠭ᠎ᠠ ᠶᠣᠰᠣᠭᠠᠷ᠂ ︽ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂︾ ᠪᠠᠷ ᠭᠠᠷᠳᠠᠴᠠ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠾᠧᠩ ᠸᠧᠢ ᠵᠠᠮ ᠤᠨ ᠠᠷᠠᠳ ᠲᠤ ᠲᠥᠬᠦᠮ ᠦᠵᠡᠭᠦᠯᠬᠦ ᠡᠷᠲᠡ ᠶᠢᠨ ᠵᠠᠬ᠎ᠠ᠂ ᠸᠠᠨ ᠴᠢᠤᠸᠠᠨ ᠵᠢᠶᠠ ᠶᠤᠸᠠᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠪᠣᠯᠤᠨ ᠮᠢᠨ ᠰᠢᠨ ᠵᠠᠮ ᠤᠨ ᠠᠷᠠᠳ ᠲᠤ ᠲᠥᠬᠦᠮ ᠦᠵᠡᠭᠦᠯᠬᠦ ᠡᠷᠲᠡ ᠶᠢᠨ ᠵᠠᠬ᠎ᠠ ᠶᠢ ᠲᠠᠰ ᠳᠡᠪᠰᠢᠭᠦᠯᠬᠦ ᠠᠵᠢᠯ ᠢ ᠢᠳᠡᠪᠬᠢᠲᠡᠶ ᠠᠬᠢᠭᠤᠯᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠠᠮᠢᠳᠤᠷᠠᠯ ᠳᠤ ᠲᠥᠬᠦᠮ ᠦᠵᠡᠭᠦᠯᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ᠃      ᠨᠢᠭᠡ ᠳᠤ  ᠂ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠢ᠃ ᠬᠤᠲᠠ᠂  ᠤᠷᠤᠨ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠢ ᠥᠷᠨᠢᠭᠦᠯᠬᠦ ᠲᠤᠬᠠᠶ ᠱᠠᠭᠠᠷᠳᠠᠯᠭ᠎ᠠ ᠶᠣᠰᠣᠭᠠᠷ᠂ ᠮᠠᠨ ᠤ ᠶᠡᠭᠡ ᠠᠩᠭᠢ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ 2024 ᠣᠨ ᠤ ᠰᠠᠶᠢᠨ ᠶᠠᠪᠤᠳᠠᠯ ᠪᠣᠳᠠᠲᠤ ᠶᠠᠪᠤᠳᠠᠯ ᠤᠨ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠵᠢᠷᠤᠭ ᠲᠥᠯᠥᠪᠯᠡᠭᠡ ᠶᠢᠨ ᠨᠢᠭᠡᠴᠡ ᠲᠠᠢ ᠣᠯᠠᠨ ᠤᠳᠠᠭ᠎ᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠠᠶᠢᠨ ᠰᠢᠨᠵᠢᠯᠡᠵᠦ᠂ ᠵᠢᠷᠤᠭ ᠲᠥᠯᠥᠪᠯᠡᠭᠡ ᠶᠢᠨ ᠲᠥᠰᠦᠯ ᠢ ᠲᠣᠭᠲᠠᠭᠠᠪᠠ᠃      ᠬᠤᠶᠠᠷ ᠲᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠢᠮᠵᠢᠶ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠬᠢᠬᠦ ᠶᠢᠨ ᠲᠥᠯᠥᠭᠡ᠂ ᠮᠠᠨ ᠤ ᠶᠡᠭᠡ ᠠᠩᠬᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ᠂ ᠵᠢᠷᠤᠮᠵᠢᠯ ᠲᠠᠢ ᠡᠮᠬᠢ ᠵᠢᠷᠤᠮ ᠲᠠᠢ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠵᠠᠷᠴᠢᠮ ᠶᠣᠰᠣᠭᠠᠷ᠂ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠪᠠᠷ ᠳᠠᠮᠵᠢᠭᠤᠯᠵᠤ᠂ ᠭᠠᠯ ᠤᠨᠲᠠᠷᠠᠭᠠᠬᠤ ᠵᠠᠮ ᠪᠣᠯᠤᠨ ᠰᠣᠬᠤᠷ ᠪᠠᠯᠠᠢ ᠵᠠᠮ ᠢ ᠡᠵᠡᠯᠡᠬᠦ ᠦᠭᠡᠢ᠂ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠨᠥᠯᠥᠭᠡᠯᠡᠬᠦ ᠦᠭᠡᠢ᠂ ᠵᠠᠮ ᠬᠠᠷᠢᠯᠴᠠᠭᠠᠨ ᠤ ᠡᠮᠬᠢ ᠳᠢᠭᠯᠢᠮ ᠪᠣᠯᠤᠨ ᠤᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠦᠭᠡᠢ ᠵᠡᠷᠭᠡ ᠤᠷᠢᠲᠠᠯ ᠳᠣᠣᠷ᠎ᠠ᠂ ᠠᠷᠠᠳ ᠲᠤ ᠲᠦᠬᠦᠮ ᠦᠵᠡᠭᠦᠯᠬᠦ ᠲᠦᠷ ᠴᠠᠭ ᠤᠨ ᠵᠠᠬ᠎ᠠ ᠳᠡᠯᠭᠡᠭᠦᠷ ᠢ ᠲᠡᠰ ᠳᠡᠪᠰᠢᠭᠦᠯᠵᠦ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠢ ᠥᠷᠨᠢᠭᠦᠯᠪᠡ᠃ ᠣᠳᠣᠬᠠᠨ ᠪᠣᠯᠲᠠᠯ᠎ᠠ᠂ ᠾᠧᠩ ᠸᠧᠶ ᠵᠠᠮ ᠤᠨ ᠠᠷᠠᠳ ᠲᠤ ᠲᠥᠬᠦᠮ ᠦᠵᠡᠭᠦᠯᠬᠦ ᠲᠦᠷ ᠴᠠᠭ ᠤᠨ ᠵᠠᠬ᠎ᠠ ᠳᠡᠯᠭᠡᠭᠦᠷ ᠢ 200 ᠲᠥᠯᠥᠪᠵᠢᠭᠦᠯᠵᠦ᠂ ᠸᠠᠨ ᠴᠢᠤᠸᠠᠨ ᠵᠢᠶᠠ ᠶᠤᠸᠠᠨ ᠤ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ 100 ᠲᠥᠯᠥᠪᠵᠢᠭᠦᠯᠵᠦ᠂ 280 ᠳᠡᠯᠭᠡᠴᠡ ᠶᠢᠨ ᠣᠷᠣ ᠶᠢ ᠲᠥᠯᠥᠪᠵᠢᠭᠦᠯᠪᠡ︔ ᠡᠭᠦᠨ ᠤ ᠬᠠᠮᠲᠤ ᠭᠤᠷᠪᠠᠨ ᠵᠠᠬ᠎ᠠ ᠳᠡᠯᠭᠡᠭᠦᠷ ᠲᠤ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠴᠡᠭ ᠭᠠᠷᠭᠠᠵᠤ᠂ ᠰᠡᠯᠡᠭᠦᠴᠡᠯ ᠤᠨ ᠰᠠᠭᠤᠳᠠᠯ᠂ ᠪᠣᠷᠣᠭᠠᠨ ᠤ ᠰᠢᠬᠦᠷ᠂ ᠬᠡᠢ ᠭᠠᠷᠭᠠᠬᠤ ᠬᠤᠭᠤᠯᠠᠶ᠂ ᠬᠠᠯᠠᠭᠤᠨ ᠤᠰᠤ᠂ ᠵᠡᠭᠦᠦ ᠤᠲᠠᠰᠤᠨ ᠤ ᠪᠣᠭᠤᠳᠠᠯ ᠬᠠᠩᠭᠠᠵᠤ᠂ ᠠᠷᠠᠳ ᠲᠤ ᠲᠥᠬᠦᠮ ᠦᠵᠡᠭᠦᠯᠬᠦ ᠠᠮᠠᠷᠠᠬᠤ ᠵᠡᠷᠭᠡ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠪᠠ︔ ᠵᠠᠷᠯᠠᠨ ᠨᠡᠶᠢᠲᠡᠯᠡᠬᠦ ᠫᠠᠶᠢᠰᠠ᠂ ᠬᠢᠨᠠᠯᠲᠠ ᠲᠠᠯᠪᠢᠬᠤ ᠫᠠᠶᠢᠰᠠ᠂ ᠭᠤᠤᠯᠴᠢ ᠵᠢᠩᠯᠡᠭᠦᠷ ᠲᠣᠬᠢᠷᠠᠭᠤᠯᠪᠠ︔ ᠯᠠᠩᠭᠦᠶ᠂ ᠡᠷᠬᠢᠨ ᠲᠣᠭᠤᠷᠢᠨ ᠳᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠲᠣᠬᠢᠷᠠᠭᠤᠯᠪᠠ᠃      ᠭᠤᠷᠪᠠ ᠳᠤ᠂ ᠬᠠᠮᠢᠶᠠᠷᠤᠨ ᠡᠵᠡᠮᠳᠡᠬᠦ ᠶᠢ ᠵᠢᠷᠤᠮᠵᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠮᠠᠨ ᠤ ᠶᠡᠭᠡ ᠠᠩᠬᠢ ᠦᠢᠯᠡᠴᠢᠯᠡᠭᠡ ᠪᠠᠷ ᠬᠠᠮᠢᠶᠠᠷᠤᠯᠲᠠ ᠶᠢ ᠠᠬᠢᠭᠤᠯᠵᠤ᠂ ︽ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠨᠥᠯᠥᠭᠡᠯᠡᠬᠦ ᠦᠭᠡᠢ᠂ ᠭᠠᠯ ᠤᠨᠲᠠᠷᠠᠭᠠᠬᠤ ᠠᠮᠤᠷ ᠲᠦᠪᠰᠢᠨ ᠢ ᠨᠥᠯᠥᠭᠡᠯᠡᠬᠦ ᠦᠭᠡᠢ᠂ ᠵᠠᠮ ᠬᠠᠷᠢᠯᠴᠠᠭ᠎ᠠ ᠶᠢ ᠨᠥᠯᠥᠭᠡᠯᠡᠬᠦ ᠦᠭᠡᠢ᠂ ᠬᠤᠳᠠ ᠶᠢᠨ ᠠᠷᠠᠳ ᠤᠨ ᠠᠮᠢᠳᠤᠷᠠᠯ ᠢ ᠨᠥᠯᠥᠭᠡᠯᠡᠬᠦ ᠦᠭᠡᠢ︾ ᠵᠠᠷᠴᠢᠮ ᠶᠣᠰᠣᠭᠠᠷ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠵᠢᠷᠤᠮᠵᠢᠭᠤᠯᠤᠨ ᠪᠠᠶᠢᠷᠢᠯᠠᠭᠤᠯᠬᠤ᠂ ᠪᠠᠶᠢᠩᠭᠤ ᠶᠢᠨ ᠬᠠᠮᠢᠶᠠᠷᠤᠨ ᠡᠵᠡᠮᠳᠡᠬᠦ ᠶᠢ ᠪᠠᠷᠢᠮᠲᠠᠯᠠᠨ᠎ᠠ᠃ ᠬᠠᠤᠯᠢ ᠬᠡᠷᠡᠭᠵᠢᠭᠦᠯᠬᠦ ᠭᠡᠰᠢᠭᠦᠳ ᠡᠳᠦᠷ ᠪᠦᠷᠢ ᠴᠠᠭ ᠵᠥᠷᠢᠭᠦᠯᠦᠨ ᠠᠵᠢᠯ ᠤᠨ ᠪᠠᠶᠢᠷᠢ ᠳᠤ ᠭᠠᠷᠴᠤ᠂ ︽ᠮᠠᠰᠢᠨᠲᠤ ᠲᠣᠭᠤᠷᠢᠨ ᠪᠠᠶᠢᠴᠠᠭᠠᠯᠲᠠ ᠶᠢᠨ ᠴᠡᠭ ᠲᠣᠭᠲᠠᠭᠠᠨ ᠵᠢᠵᠢᠭᠦᠷᠯᠡᠨ ᠰᠠᠬᠢᠬᠤ︾ ᠠᠵᠢᠯ ᠤᠨ ᠠᠷᠭ᠎ᠠ ᠮᠠᠶ᠋ᠢᠭ ᠢᠶᠠᠷ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠳᠣᠲᠣᠭᠠᠳᠤ ᠳᠠᠭᠠᠨ ᠬᠠᠷᠢᠶ᠎ᠠ ᠭᠠᠵᠠᠷ᠂ ᠭᠠᠯ ᠤᠨᠲᠠᠷᠠᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠣᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠯᠪᠣᠭᠠᠯᠠᠨ ᠬᠥᠳᠡᠯᠦᠯᠴᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠭᠠᠳᠠᠭᠰᠢ ᠭᠠᠷᠴᠤ ᠬᠤᠳᠠᠯᠳᠤᠬᠤ᠂ ᠵᠠᠮ ᠡᠵᠡᠯᠡᠨ ᠡᠵᠡᠩᠨᠡᠬᠦ᠂ ᠵᠠᠮ ᠬᠠᠷᠢᠯᠴᠠᠭ᠎ᠠ ᠶᠢ ᠪᠥᠭᠯᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠲᠤᠰᠬᠠᠶ ᠵᠠᠰᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠬᠤᠳᠠᠯᠳᠤᠭᠠᠴᠢᠨ ᠡᠷᠦᠬᠡ ᠶᠢᠨ ᠦᠨᠡᠨᠴᠢ ᠢᠲᠡᠭᠡᠮᠵᠢᠲᠡᠶ ᠡᠵᠡᠩᠨᠡᠬᠦ ᠶᠢ ᠬᠥᠲᠥᠯᠦᠨ ᠵᠢᠯᠣᠭᠤᠳᠴᠤ᠂ ᠵᠠᠬ᠎ᠠ ᠳᠡᠯᠭᠡᠭᠦᠷ ᠤᠨ ᠡᠮᠬᠢ ᠵᠢᠷᠤᠮ ᠂ ᠬᠤᠲᠠ ᠶᠢᠨ ᠳᠦᠷᠰᠦ ᠪᠠᠶᠢᠳᠠᠯ ᠢ ᠲᠦᠢᠯ ᠤᠨ ᠶᠡᠭᠡ ᠪᠠᠷ ᠰᠠᠶᠢᠵᠢᠷᠠᠭᠤᠯᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠶᠡᠭᠡ ᠠᠩᠭᠢ ᠮᠠᠨ ᠤ ᠤᠷᠤᠨ ᠤ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ︽ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠵᠢᠷᠤᠮᠵᠢᠭᠤᠯᠤᠨ ᠬᠠᠮᠢᠶᠠᠷᠬᠤ︾ ᠶᠢ ᠪᠠᠷᠢᠮᠲᠠᠯᠠᠨ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠢᠭᠡ ᠮᠦᠴᠡᠲᠤ ᠠᠮᠢᠳᠤᠷᠠᠯ ᠤᠨ ᠬᠦᠷᠢᠶ᠎ᠡ ᠶᠢ ᠪᠣᠶ ᠪᠣᠯᠭᠠᠵᠤ᠂ ᠣᠯᠠᠨ ᠲᠦᠮᠡᠨ ᠤ ᠲᠥᠬᠦᠮ ᠦᠵᠡᠭᠦᠯᠬᠦ ᠬᠡᠷᠡᠭᠯᠡᠭᠡ᠂ ᠠᠮᠤᠷ ᠲᠦᠪᠰᠢᠨ ᠬᠡᠷᠡᠭᠯᠡᠭᠡ᠂ ᠰᠠᠨᠠᠭ᠎ᠠ ᠠᠮᠤᠷ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠮᠠᠨ ᠤ  ᠤᠷᠤᠨ ᠤ ︽ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ᠂ ᠵᠠᠰᠠᠭ ᠤᠨ ᠣᠷᠳᠣᠨ ᠰᠠᠨᠠᠭ᠎ᠠ ᠠᠮᠤᠷ ᠪᠠᠶᠢᠬᠤ︾ ︽ᠦᠨᠡᠨᠴᠢ ᠢᠲᠡᠭᠡᠮᠵᠢᠲᠡᠶ︾ ᠵᠠᠬ᠎ᠠ ᠳᠡᠯᠭᠡᠭᠦᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号