ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 4 ᠠᠵᠤ ᠠᠬᠤᠶᠢᠯᠠᠯᠲᠠᠨ ᠭᠤᠷᠪᠠᠳᠤᠭᠠᠷ ᠬᠤᠭᠤᠴᠠᠭᠠᠨ ᠤ ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ ᠵᠢᠴᠢ ᠨᠡᠷ᠎ᠡ ᠳᠤᠷᠠᠳᠤᠭᠰᠠᠨ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2024/8/27
     8 ᠰᠠᠷ᠎ᠠ ᠶᠢᠨ 23 ᠤ ᠡᠳᠦᠷ ᠪᠣᠯ ᠬᠤᠶᠠᠳᠤᠭᠠᠷ ︽ᠪᠤᠭᠤᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠳᠦᠷ︾ ᠮᠥᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠲᠠ ᠶᠢᠨ ᠨᠢᠭᠡᠳᠦᠭᠡᠷ ᠠᠵᠢᠯᠴᠢᠨ ᠤ ᠰᠣᠶᠣᠯ ᠤᠨ ᠣᠷᠳᠣᠨ ᠳᠤ ᠭᠤᠷᠪᠠᠳᠤᠭᠠᠷ ᠬᠤᠭᠤᠴᠠᠭᠠᠨ ᠤ ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ ᠣᠯᠭᠤᠬᠤ ᠠᠵᠢᠯᠯᠠᠭ᠎ᠠ ᠶᠢ ᠦᠪᠡᠳᠡᠭᠰᠢ ᠶᠡᠭᠡ ᠪᠠᠷ ᠥᠷᠨᠢᠭᠦᠯᠵᠦ᠂ ᠨᠢᠭᠡ ᠬᠤᠲᠠ ᠶᠢᠨ ᠨᠡᠷ᠎ᠡ ᠪᠠᠷ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠯᠠᠩᠭᠤᠶ᠎ᠠ ᠰᠢᠨ᠎ᠡ ᠶᠢ ᠡᠭᠦᠳᠬᠦ ᠬᠥᠭᠵᠢᠯᠲᠡ ᠪᠠᠷ ᠳᠠᠮᠵᠢᠭᠤᠯᠤᠨ ᠬᠤᠲᠠ ᠶᠢᠨ ᠬᠥᠭᠵᠢᠯᠲᠡ ᠶᠢ ᠬᠥᠲᠥᠯᠦᠨ ᠳᠠᠭᠠᠭᠤᠯᠤᠭᠰᠠᠨ ᠰᠢᠨᠵᠢᠯᠡᠬᠦ ᠤᠬᠠᠭᠠᠨᠲᠠᠨ᠂ ᠠᠵᠤ ᠠᠬᠤᠶᠢᠯᠠᠯᠲᠠᠨ ᠪᠠ ᠠᠵᠤ ᠠᠬᠤᠶᠢᠯᠠᠯ ᠤᠨ ᠬᠠᠮᠢᠶᠠᠷᠤᠯᠲᠠ ᠶᠢᠨ ᠪᠦᠯᠬᠦᠮ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃      ᠭᠤᠷᠪᠠᠳᠤᠭᠠᠷ ᠬᠤᠭᠤᠴᠠᠭᠠᠨ ᠤ ︽ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ︾ ᠢ ᠰᠢᠯᠭᠠᠷᠠᠭᠤᠯᠬᠤ ᠠᠵᠢᠯᠯᠠᠭ᠎ᠠ ᠳᠤ ︽ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ︾᠂ ︽ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ︾ ᠢ ᠨᠡᠶᠢᠲᠡ 10 ᠬᠥᠮᠦᠨ᠂ ︽ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠨᠡᠷ᠎ᠡ ᠳᠤᠷᠠᠳᠤᠭᠰᠠᠨ ᠱᠠᠩᠨᠠᠯ︾ ᠢ 10 ᠨᠡᠷᠡᠰ ᠰᠢᠯᠭᠠᠷᠠᠭᠤᠯᠪᠠ᠃ ᠡᠭᠦᠨ ᠳᠤ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 3 ᠠᠵᠤ ᠠᠬᠤᠶᠢᠯᠠᠯᠲᠠᠨ ᠭᠤᠷᠪᠠᠳᠤᠭᠠᠷ ᠬᠤᠭᠤᠴᠠᠭᠠᠨ ᠤ ︽ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ︾ ᠢ ᠭᠥᠷᠳᠡᠵᠦ᠂ 1 ᠠᠵᠤ ᠠᠬᠤᠶᠢᠯᠠᠯᠲᠠᠨ ᠭᠤᠷᠪᠠᠳᠤᠭᠠᠷ ᠬᠤᠭᠤᠴᠠᠭᠠᠨ ᠤ ︽ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠨᠡᠷ᠎ᠡ ᠳᠤᠷᠠᠳᠤᠭᠰᠠᠨ ᠱᠠᠩᠨᠠᠯ︾ ᠢ ᠭᠥᠷᠳᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号