ᠣᠶᠤᠲᠠᠳ ᠠᠵᠢᠯ ᠡᠷᠢᠬᠦ ︽ᠤᠨᠠᠭᠤᠯᠢ︾ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2024/8/29
     ᠣᠶᠢᠷ᠎ᠠ ᠳᠤ᠂ ᠦᠬᠠᠢ ᠨᠤᠲᠤᠭᠲᠠᠢ ᠣᠶᠤᠲᠠᠨ ᠯᠢ ᠣᠪᠣᠭᠲᠤ ᠦᠬᠠᠢ ᠬᠤᠳᠠ ᠶᠢᠨ ᠲᠤᠬᠠᠢ ᠶᠢᠨ ᠭᠠᠵᠠᠷ ᠤᠨ ᠨᠢᠭᠡᠨ ᠵᠢᠷᠭᠢᠶ᠎ᠡ ᠶᠢᠨ ᠤᠯᠠᠨ ᠨᠡᠶᠢᠳᠡ ᠶᠢᠨ ᠳ᠋ᠤᠭᠠᠷ ᠠᠴᠠ ᠨᠢᠭᠡᠨ ᠺᠤᠮᠫᠠᠨᠢ ᠶᠢᠨ ᠠᠵᠢᠯᠲᠠᠨ ᠡᠯᠰᠡᠬᠦ ᠮᠡᠳᠡᠭᠡ ᠵᠠᠩᠭᠢ ᠶᠢ ᠣᠯᠵᠤ ᠦᠵᠡᠭᠡᠳ᠂ ᠴᠠᠯᠢᠩ ᠮᠥᠩᠭᠦ ᠨᠢ ᠥᠨᠳᠥᠷ ᠪᠣᠯᠬᠤᠷ ᠰᠦᠯᠵᠢᠶᠡᠨ ᠳᠡᠭᠡᠷ᠎ᠡ ᠬᠤᠪᠢ ᠬᠥᠮᠥᠨ ᠤ ᠲᠣᠪᠴᠢ ᠨᠠᠮᠲᠠᠷ ᠢᠶᠠᠨ ᠳᠡᠪᠰᠢᠭᠦᠯᠪᠡ᠃ ᠳᠡᠮᠡᠢ ᠤᠳᠠᠯ ᠦᠭᠡᠢ ᠨᠢᠭᠤᠷᠳᠠᠨ ᠰᠢᠯᠭᠠᠬᠤ ᠭᠤᠭᠴᠤᠭ᠎ᠠ ᠪᠣᠯᠵᠤ᠂ ᠳᠤᠰ ᠺᠤᠮᠫᠠᠨᠢ ᠶᠢᠨ ︽ᠨᠢᠭᠤᠷᠳᠠᠨ ᠰᠢᠯᠭᠠᠬᠤ ᠳᠠᠷᠤᠭ᠎ᠠ︾ ᠠᠴᠠ ᠲᠡᠭᠦᠨ ᠢ ᠺᠤᠮᠫᠠᠨᠢ ᠳᠤ ᠠᠵᠢᠯᠯᠠᠵᠤ ᠪᠣᠯᠣᠨ᠎ᠠ᠂ ᠭᠡᠪᠡᠴᠦ ᠣᠳᠣᠬᠠᠨ ᠳᠤ ᠺᠤᠮᠫᠠᠨᠢ ᠶᠢᠨ ᠠᠯᠪᠠᠯᠠᠬᠤ ᠭᠠᠵᠠᠷ ᠢ ᠶᠠᠭ ᠵᠠᠰᠠᠨ ᠴᠢᠮᠡᠭᠯᠡᠵᠦ ᠪᠠᠶᠢᠭ᠎ᠠ ᠪᠣᠯᠬᠤᠷ ᠰᠦᠯᠵᠢᠶᠡᠨ ᠳᠡᠭᠡᠷ᠎ᠡ ᠠᠵᠢᠯᠯᠠᠪᠠᠯ ᠪᠣᠯᠴᠢᠬᠠᠨ᠎ᠠ ᠭᠡᠵᠡᠢ᠃     ᠯᠢ ᠣᠪᠣᠭᠲᠤ ᠡᠬᠢᠯᠡᠨ ᠠᠵᠢᠯᠯᠠᠭᠰᠠᠨ ᠤ ᠳᠠᠷᠠᠭ᠎ᠠ᠂ ︽ᠺᠤᠮᠫᠠᠨᠢ ᠶᠢᠨ ᠳᠠᠭᠠᠭᠠᠮᠠᠯ︾ ᠠᠴᠠ ᠲᠡᠭᠦᠨ ᠢ ᠲᠣᠭᠲᠠᠭᠰᠠᠨ ᠪᠠᠩᠬᠢ ᠳᠤ ᠬᠦᠷᠴᠦ ᠪᠡᠶ᠎ᠡ ᠶᠢᠨ ᠦᠨᠡᠮᠯᠡᠯ ᠢᠶᠠᠷ ᠢᠶᠠᠨ ᠪᠠᠩᠬᠢ ᠶᠢᠨ ᠺᠠᠷᠲ ᠬᠢᠯᠭᠡᠬᠦ ᠶᠢ ᠱᠠᠭᠠᠷᠳᠠᠪᠠ᠃ ᠯᠢ ᠣᠪᠣᠭᠲᠤ ᠺᠠᠷᠲ ᠬᠢᠯᠭᠡᠭᠰᠡᠨ ᠤ ᠲᠠᠷᠠᠭ᠎ᠠ᠂ ᠲᠡᠭᠦᠨ ᠳᠤ ᠺᠤᠮᠫᠠᠨᠢ ᠶᠢᠨ ︽ᠪᠠᠷᠠᠭᠠᠨ ᠤ ᠵᠣᠭᠤᠰ︾ ᠢ ᠲᠤᠰᠴᠤ ᠠᠪᠬᠤ ᠠᠵᠢᠯ ᠲᠣᠬᠢᠷᠠᠭᠤᠯᠵᠤ᠂ ᠯᠢ ᠣᠪᠣᠭᠲᠤ ᠶᠢᠨ ᠪᠠᠩᠬᠢ ᠶᠢᠨ ᠺᠠᠷᠲ ᠲᠤ ᠵᠣᠭᠤᠰ ᠰᠢᠯᠵᠢᠭᠦᠯᠪᠡ᠃    ᠦᠨᠡᠨ ᠳᠡᠭᠡᠨ᠂ ᠳᠤᠰ ᠤᠳᠠᠭ᠎ᠠ ᠶᠢᠨ ᠠᠵᠢᠯᠲᠠᠨ ᠡᠯᠰᠡᠬᠦ ᠶᠠᠪᠤᠳᠠᠯ ᠢ ᠮᠡᠬᠡᠯᠡᠭᠴᠢ ᠠᠴᠠ ᠬᠠᠭᠤᠷᠮᠠᠭᠯᠠᠨ ᠵᠣᠬᠢᠶᠠᠵᠤ᠂ ︽ᠪᠠᠷᠠᠭᠠᠨ ᠤ ᠵᠣᠭᠤᠰ︾ ᠨᠢ ᠶᠠᠯᠠᠲᠤ ᠠᠵᠢᠯᠯᠠᠭ᠎ᠠ ᠳᠤ ᠬᠤᠯᠪᠣᠭᠳᠠᠬᠤ ᠬᠠᠤᠯᠢ ᠪᠤᠰᠤ ᠪᠡᠯᠡ ᠮᠥᠩᠭᠦ ᠪᠠᠶᠢᠵᠤ᠂ ᠯᠢ ᠣᠪᠣᠭᠲᠤ ᠶᠢᠨ ᠪᠠᠩᠬᠢ ᠶᠢᠨ ᠺᠠᠷᠲ ᠨᠢ ︽ᠬᠡᠷᠡᠭ ᠲᠤ ᠬᠤᠯᠪᠣᠭᠳᠠᠭᠰᠠᠨ ᠪᠠᠩᠬᠢ ᠶᠢᠨ ᠺᠠᠷᠲ︾ ᠪᠣᠯᠵᠤ᠂ ᠯᠢ ᠣᠪᠣᠭᠲᠤ ᠴᠦ ᠮᠡᠬᠡᠯᠡᠯ ᠤᠨ ᠬᠡᠷᠡᠭ ᠲᠤ ᠬᠤᠯᠪᠣᠭᠳᠠᠭᠰᠠᠨ ᠪᠠᠶᠢᠨ᠎ᠠ᠃    ᠴᠠᠭᠳᠠᠭ᠎ᠠ ᠶᠢᠨ ᠰᠠᠨᠠᠭᠤᠯᠤᠮᠵᠢ᠄ ᠣᠶᠤᠲᠠᠳ ᠠᠵᠢᠯ ᠡᠷᠢᠬᠦ ᠳᠡᠭᠡᠨ ᠥᠪᠡᠷ ᠤᠨ ᠤᠷ᠎ᠠ ᠴᠢᠳᠠᠪᠤᠷᠢ ᠶᠢᠨ ᠲᠦᠪᠰᠢᠨ ᠢᠶᠠᠨ ᠦᠨᠳᠦᠰᠦᠯᠡᠨ᠂ ᠥᠪᠡᠷ ᠤᠨ ᠬᠦᠰᠡᠵᠦ ᠪᠠᠶᠢᠭ᠎ᠠ ᠬᠥᠯᠥᠰᠦ ᠣᠯᠭᠤᠮᠵᠢ ᠪᠠᠨ ᠵᠣᠬᠢᠰᠲᠠᠢ ᠲᠣᠭᠲᠠᠭᠠᠵᠤ᠂ ᠥᠨᠳᠥᠷ ᠴᠠᠯᠢᠩ ᠬᠥᠯᠥᠰᠦ ᠶᠢᠨ ᠥᠳᠥᠭᠡᠯᠭᠡ ᠠᠴᠠ ᠪᠣᠯᠵᠤ ᠮᠡᠬᠡᠯᠡᠯ ᠤᠨ ︽ᠤᠨᠠᠭᠤᠯᠢ︾ ᠳᠤ ᠤᠨᠠᠬᠤ ᠠᠴᠠ ᠵᠠᠶᠢᠯᠠᠰᠬᠢᠬᠦ ᠬᠡᠷᠡᠭᠲᠡᠢ᠃ ᠰᠡᠵᠢᠭᠯᠡᠯᠲᠡᠢ ᠬᠤᠯᠪᠣᠭᠠᠰᠤ ᠶᠢ ᠬᠢᠴᠢᠶᠡᠮᠵᠢᠲᠡᠢ ᠬᠤᠯᠪᠣᠵᠤ᠂ ᠥᠨᠳᠥᠷ ᠬᠥᠯᠥᠰᠦ ᠣᠯᠭᠤᠮᠵᠢ ᠪᠠᠷ ᠠᠵᠢᠯᠲᠠᠨ ᠡᠯᠰᠡᠬᠦ ᠶᠠᠪᠤᠳᠠᠯ ᠳᠤ ᠰᠡᠷᠡᠮᠵᠢᠲᠡᠢ ᠬᠠᠨᠳᠤᠵᠤ᠂ ᠰᠦᠯᠵᠢᠶᠡᠨ ᠤ ᠮᠡᠳᠡᠭᠡ ᠵᠠᠩᠭᠢ ᠶᠢ ᠪᠣᠯᠭᠤᠮᠵᠢᠲᠠᠢ ᠬᠢᠨᠠᠨ ᠬᠠᠷᠭᠤᠭᠤᠯᠵᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠭᠦ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号