ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠤᠳᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/8/29
     ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 26 ᠤ ᠴᠠᠬᠢᠯᠭᠠᠨ ᠮᠡᠳᠡᠭᠡ 8 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠲᠦᠷᠦ ᠶᠢᠨ ᠶᠠᠪᠤᠳᠠᠯ ᠤᠨ ᠬᠤᠷᠢᠶ᠎ᠠ ︽ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠦᠢᠯᠡᠰ ᠪᠠ ᠨᠠᠰᠤᠵᠢᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠶᠢᠰᠦᠳᠦᠭᠡᠷ ᠤᠳᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠬᠦ ᠳᠤ ᠪᠠᠨ᠂ ᠨᠠᠰᠤᠵᠢᠯ ᠤᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠣᠰᠣᠭᠠᠷ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠢᠳᠡᠪᠬᠢᠲᠡᠢ ᠨᠠᠰᠤᠵᠢᠯ ᠤᠨ ᠦᠵᠡᠯᠲᠡ᠂ ᠡᠷᠡᠭᠦᠯ ᠮᠡᠨᠳᠦ ᠨᠠᠰᠤᠵᠢᠯᠲᠠ ᠶᠢᠨ ᠣᠨᠣᠯᠵᠢᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠨᠠᠰᠤᠵᠢᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠠᠰᠤᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
   ᠹᠦᠳᠠᠨ
ᠶᠡᠭᠡ ᠰᠤᠷᠭᠠᠭᠤᠯᠢ ᠶᠢᠨ ᠫᠷᠤᠹᠧᠰᠰᠤᠷ ᠦ᠋ ᠢᠦᠢ ᠱᠤᠤ ᠲᠠᠶᠢᠯᠤᠮᠵᠢ ᠬᠢᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠯᠢᠦ ᠭᠦᠸᠧ ᠵᠥᠩ᠂ ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠸᠠᠩ ᠰᠢᠶᠤᠤ ᠬᠤᠩ᠂ ᠱᠧᠨ ᠢ ᠴᠢᠨ ᠨᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
    8 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠦᠢᠯᠡᠰ ᠪᠠ ᠨᠠᠰᠤᠵᠢᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠶᠢᠰᠦᠳᠦᠭᠡᠷ ᠤᠳᠠᠭ᠎ᠠ ᠶᠢᠨ ᠲᠤᠰᠬᠠᠶ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ
   ᠯᠢ ᠴᠢᠶᠠᠩ ᠲᠣᠰ ᠲᠠᠶᠢᠯᠤᠮᠵᠢ ᠪᠠ ᠰᠠᠨᠠᠯ ᠢᠶᠠᠨ ᠰᠣᠯᠢᠯᠴᠠᠭᠰᠠᠨ ᠶᠠᠷᠢᠶ᠎ᠠ ᠶᠢ
ᠰᠣᠨᠣᠰᠤᠭᠰᠠᠨ ᠤ ᠳᠠᠷᠠᠭ᠎ᠠ᠂ ᠬᠥᠮᠦᠨ ᠠᠮᠠ ᠶᠢᠨ ᠨᠠᠰᠤᠵᠢᠯᠲᠠ ᠪᠣᠯ ᠬᠤᠶᠢᠰᠢᠳᠠ ᠶᠢᠨ ᠨᠡᠯᠢᠶᠡᠳ ᠤᠷᠳᠤ ᠬᠤᠭᠤᠴᠠᠭᠠᠨ ᠳᠠᠬᠢ ᠮᠠᠨ ᠤ ᠤᠯᠤᠰ ᠤᠨ ᠦᠨᠳᠦᠰᠦᠨ ᠪᠠᠶᠢᠳᠠᠯ ᠮᠥᠨ᠃ ᠨᠠᠰᠤᠵᠢᠯᠲᠠ ᠶᠢᠨ ᠬᠥᠭᠵᠢᠯ ᠤᠨ ᠰᠢᠨ᠎ᠡ ᠪᠠᠶᠢᠳᠠᠯ ᠢ ᠪᠤᠰᠤᠳᠴᠢ ᠬᠤᠪᠢᠰᠤᠩᠭᠤᠢ ᠪᠠᠷ ᠦᠵᠡᠬᠦ ᠬᠡᠷᠡᠭᠲᠡᠢ᠃ ᠨᠠᠰᠤᠵᠢᠯᠳᠠ ᠠᠴᠠ ᠪᠣᠯᠣᠭᠰᠠᠨ ᠥᠷᠢᠰᠥᠯᠳᠦᠭᠡᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠮᠥᠷᠲᠡᠭᠡᠨ ᠪᠠᠰᠠ ᠨᠠᠰᠤᠵᠢᠯᠳᠠ ᠳᠤ ᠰᠢᠨ᠎ᠡ ᠬᠥᠭᠵᠢᠯᠲᠡ ᠶᠢᠨ ᠲᠣᠬᠢᠶᠠᠯ ᠬᠠᠳᠠᠭᠠᠯᠠᠭᠳᠠᠵᠤ᠂ ᠨᠠᠰᠤᠵᠢᠭᠰᠠᠨ ᠬᠥᠮᠦᠨ ᠠᠮᠠ ᠴᠤ ᠨᠠᠨᠳᠢᠨ ᠡᠬᠢ ᠪᠠᠶᠠᠯᠢᠭ ᠪᠣᠯᠬᠤ ᠶᠢ ᠣᠯᠵᠤ ᠬᠠᠷᠠᠬᠤ ᠬᠡᠷᠡᠭᠲᠡᠢ᠃ ᠪᠠᠶᠢᠳᠠᠯ ᠢ ᠠᠶᠠᠳᠠᠨ ᠳᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠠᠶᠢᠯᠳᠤᠬᠤ ᠪᠣᠳᠣᠯᠭ᠎ᠠ ᠶᠢᠨ ᠮᠠᠭᠠᠳᠯᠠᠯᠲᠠ ᠪᠠᠨ ᠴᠢᠩᠭᠠᠳᠬᠠᠵᠤ᠂ ᠤᠷᠢᠳᠴᠢᠯᠠᠭᠰᠠᠨ ᠪᠠᠶᠢᠷᠢᠯᠠᠭᠤᠯᠤᠯᠲᠠ ᠬᠢᠵᠦ᠂ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠭᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠯᠤᠭ᠎ᠠ ᠤᠶᠠᠯᠳᠤᠭᠤᠯᠵᠤ᠂ ᠦᠢᠯᠡᠴᠢᠯᠡᠭᠡ᠂ ᠪᠠᠯᠠ ᠮᠥᠩᠭᠦ ᠪᠠ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠶᠠᠪᠤᠴᠠ ᠳᠤ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
   
ᠯᠢ ᠴᠢᠶᠠᠩ᠂ ︽ᠥᠲᠡᠯᠦᠭᠰᠡᠳ ᠲᠤ ᠠᠰᠠᠷᠠᠮᠵᠢ ᠲᠠᠢ ᠪᠠᠶᠢᠯᠭᠠᠬᠤ︾ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠳᠤᠲᠠᠭᠤᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠭᠡᠷ ᠲᠤ ᠪᠠᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠬᠦᠷᠲᠡᠬᠦ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠳᠦᠷ ᠤᠨ ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ ᠬᠡᠷ ᠲᠤ ᠨᠢ ᠬᠦᠷᠴᠦ ᠦᠢᠯᠡᠴᠢᠯᠡᠬᠦ ᠵᠡᠷᠭᠡ ᠴᠢᠳᠠᠪᠤᠷᠢ ᠶᠢ ᠴᠢᠩᠭᠠᠷᠠᠭᠤᠯᠤᠨ᠂ ᠬᠠᠭᠤᠴᠢᠨ ᠰᠠᠭᠤᠭᠠᠯᠢ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠨ᠎ᠡ᠃ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠦᠯᠵᠢᠶ᠎ᠡ ᠶᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠂ ᠣᠷᠣᠨ ᠨᠤᠲᠤᠭ ᠤᠨ ᠪᠣᠳᠠᠲᠠᠶ ᠲᠠᠢ ᠪᠠᠨ ᠤᠶᠠᠯᠳᠤᠭᠤᠯᠤᠨ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠥᠷᠨᠢᠭᠦᠯᠬᠦ ᠶᠢ ᠳᠡᠮᠵᠢᠨ᠎ᠡ᠃ ᠴᠢᠳᠠᠪᠤᠷᠢ ᠪᠠᠨ ᠠᠯᠳᠠᠭᠰᠠᠨ ᠨᠠᠰᠤᠲᠠᠳ ᠢ ᠬᠠᠷᠠᠭᠠᠯᠵᠠᠨ ᠠᠰᠠᠷᠠᠬᠤ ᠬᠡᠷᠡᠭᠴᠡᠭᠡ ᠳᠤ ᠴᠢᠭᠯᠡᠭᠦᠯᠦᠨ᠂ ᠡᠮᠴᠢᠯᠡᠵᠦ ᠠᠰᠠᠷᠠᠬᠤ ᠪᠠ ᠰᠤᠪᠢᠯᠠᠵᠤ ᠠᠰᠠᠷᠠᠬᠤ ᠶᠢᠨ ᠦᠢᠯᠡᠳᠦᠯ ᠢ ᠭᠦᠨᠵᠡᠭᠡᠶ ᠠᠬᠢᠭᠤᠯᠵᠤ᠂ ᠰᠤᠪᠢᠯᠠᠯᠲᠠ ᠶᠢᠨ ᠮᠠᠶ᠋ᠢᠭ ᠤᠨ ᠣᠷᠣ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠬᠥᠭᠵᠢᠭᠦᠯᠦᠨ᠎ᠡ᠃ ᠶᠡᠭᠡ ᠭᠡᠪᠴᠢᠶᠡᠨ ᠤ ᠮᠡᠷᠭᠡᠰᠢᠯ ᠴᠢᠳᠡᠪᠦᠷᠢ ᠶᠢᠨ ᠪᠣᠯᠪᠠᠰᠤᠷᠠᠯ ᠢ ᠦᠷᠨᠢᠬᠦᠯᠵᠦ᠂ ᠨᠠᠰᠣᠵᠢᠯ ᠤᠨ ᠰᠣᠪᠢᠯᠠᠯᠳᠡ ᠶᠢᠨ ᠠᠵᠢᠯ ᠮᠡᠷᠭᠡᠵᠢᠯ ᠤᠨ ᠳᠡᠳᠠᠬᠤ ᠬᠦᠴᠣᠨ ᠢ ᠨᠡᠮᠡᠭᠳᠡᠭᠦᠯᠦᠨ᠎ᠡ᠃ ︽ᠥᠲᠡᠯᠦᠭᠰᠡᠳ ᠲᠤ ᠲᠦᠰᠢᠭ ᠲᠠᠢ ᠪᠠᠶᠢᠯᠭᠠᠬᠤ︾ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ ᠲᠥᠯᠥᠪᠯᠡᠬᠦ ᠲᠦᠷᠢᠮ ᠢ ᠲᠡᠭᠦᠯᠳᠡᠷᠵᠢᠭᠦᠯᠵᠦ᠂ ᠤᠯᠠᠨ ᠲᠡᠰ ᠳᠠᠪᠬᠤᠷᠭ᠎ᠠ ᠤᠯᠠᠨ ᠲᠤᠯᠭᠠᠭᠤᠷᠢ ᠪᠦᠬᠦᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ ᠲᠦᠷᠭᠡᠳᠬᠡᠨ ᠪᠦᠷᠢᠨᠰᠢᠭᠦᠯᠬᠦ ᠬᠡᠷᠡᠭᠲᠡᠢ᠃ ︽ᠥᠲᠡᠯᠦᠭᠰᠡᠳ ᠲᠤ ᠬᠢᠳᠡᠯ ᠲᠠᠢ ᠪᠠᠶᠢᠯᠭᠠᠬᠤ︾ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠨᠠᠰᠤᠲᠠᠶᠢᠴᠤᠳ ᠤᠨ ᠬᠥᠮᠥᠨ ᠤ ᠬᠦᠴᠦᠨ ᠤ ᠡᠬᠢ ᠪᠠᠶᠠᠯᠢᠭ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠨᠠᠰᠤᠲᠠᠶᠢᠴᠤᠳ ᠲᠤ ᠲᠣᠬᠢᠷᠠᠭᠰᠠᠨ ᠤᠯᠠᠨ ᠶᠠᠩᠵᠤᠲᠤ᠂ ᠥᠪᠡᠷᠮᠢᠴᠡ ᠠᠵᠢᠯ ᠤᠨ ᠪᠠᠶᠢᠷᠢ ᠶᠢ ᠡᠭᠦᠳᠬᠦ ᠬᠡᠷᠡᠭᠲᠡᠢ᠃ ᠪᠤᠭᠤᠷᠤᠯᠴᠤᠳ ᠤᠨ ᠠᠵᠤ ᠠᠬᠤᠢ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠭᠡ ᠪᠠᠷ ᠠᠬᠢᠭᠤᠯᠵᠤ᠂ ᠨᠠᠰᠤᠲᠠᠶᠢᠴᠤᠳ ᠤᠨ ᠬᠡᠷᠡᠭᠰᠡᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠶᠢ ᠴᠢᠩᠭᠠᠳᠬᠠᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠠᠰᠤᠲᠠᠶᠢᠴᠤᠳ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
   ᠯᠢ ᠴᠢᠶᠠᠩ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ
ᠠᠷᠭᠠᠴᠠᠭᠠᠬᠤ ᠪᠣᠯ ᠪᠥᠬᠦ ᠲᠠᠯ᠎ᠠ ᠶᠢᠨ ᠴᠢᠨᠠᠷᠲᠠᠶ᠂ ᠣᠷᠳᠣ ᠬᠤᠭᠤᠴᠠᠭᠠᠨ ᠤ ᠴᠢᠨᠠᠷᠲᠠᠶ ᠴᠢᠬᠤᠯᠠ ᠶᠡᠭᠡ ᠪᠠᠶᠢᠯᠳᠤᠬᠤ ᠪᠣᠳᠣᠯᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠬᠠᠨᠳᠤᠯᠭᠠᠲᠤ ᠴᠢᠨᠠᠷᠲᠠᠢ ᠪᠠᠷ ᠲᠦᠷᠦ ᠶᠢᠨ ᠪᠤᠳᠤᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠨᠠᠰᠤᠵᠢᠯ ᠤᠨ ᠠᠵᠢᠯ ᠳᠤᠮᠳᠠᠬᠢ ᠭᠤᠣᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠠᠰᠤᠲᠠᠶᠢᠴᠤᠳ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号