ᠬᠤᠸᠠ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 2 ᠲᠦᠮᠡᠨ ᠲᠣᠨ ᠳᠡᠭᠡᠳᠦ ᠴᠢᠳᠠᠪᠬᠢᠲᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠲᠦᠷᠦᠯ ᠵᠦᠢᠯ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2024/8/30
     ᠪᠤᠭᠤᠲᠤ ᠶᠢᠨ ᠬᠤᠸᠠ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠤᠨ ᠭᠠᠷᠤᠯᠲᠠ 2 ᠲᠦᠮᠡᠨ ᠲᠣᠨ ᠥᠨᠳᠥᠷ ᠴᠢᠳᠠᠪᠬᠢᠲᠤ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠲᠥᠷᠥᠯ ᠵᠦᠢᠯ ᠤᠨ ᠡᠵᠡᠯᠡᠬᠦ ᠲᠠᠯᠠᠪᠠᠶ ᠨᠢ ᠪᠠᠷᠤᠭ 140 ᠮᠥ ᠪᠠᠶᠢᠵᠤ᠂ ᠪᠠᠷᠢᠯᠭ᠎ᠠ ᠶᠢᠨ ᠲᠠᠯᠠᠪᠠᠶ ᠨᠢ ᠪᠠᠷᠤᠭ 6 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠤᠨ᠎ᠠ᠃ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠶᠡᠷᠦᠩᠬᠡᠶ ᠪᠠᠯᠠ ᠣᠷᠣᠭᠤᠯᠤᠯᠲᠠ ᠨᠢ 4 ᠳ᠋ᠦᠩᠰᠢᠭᠤᠷ ᠲᠥᠭᠦᠷᠢᠭ ᠪᠠᠶᠢᠵᠤ᠂ ᠵᠢᠱᠢᠯᠲᠡ ᠪᠠᠷ 2025 ᠣᠨ ᠤ 10 ᠰᠠᠷ᠎ᠠ ᠳᠤ ᠰᠠᠭᠤᠷᠢ ᠪᠥᠲᠥᠭᠡᠨ ᠪᠠᠶᠢᠭᠤᠯᠤᠯᠲᠠ ᠵᠢᠴᠢ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠤᠷᠰᠢᠨ ᠦᠢᠯᠡᠳᠪᠦᠷᠢᠯᠡᠵᠦ᠂ ᠵᠢᠯ ᠳᠤ 1 ᠲᠦᠮᠡᠨ ᠲᠣᠨ ᠬᠤᠪᠣᠷ ᠰᠢᠷᠣᠶ ᠶᠢᠨ ᠳᠡᠭᠡᠳᠦ ᠲᠠᠰ ᠤᠨ ᠰᠣᠷᠢᠨᠵᠢᠨ ᠮᠠᠲ᠋ᠧᠷᠢᠶᠠᠯ ᠢ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 11.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠤᠨ ᠠᠰᠢᠭ ᠭᠠᠶᠢᠯᠢ ᠶᠢᠨ ᠶᠡᠷᠦᠩᠬᠡᠶ ᠬᠡᠮᠵᠢᠶ᠎ᠡ ᠶᠢ 9000 ᠲᠦᠮᠡᠨ ᠲᠥᠭᠦᠷᠢᠭ ᠪᠡᠶᠡᠯᠡᠭᠦᠯᠬᠦ ᠪᠣᠯᠤᠨ᠎ᠠ᠃ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠵᠢᠯ ᠳᠤ 2 ᠲᠦᠮᠡᠨ ᠲᠣᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠵᠦ᠂ ᠵᠢᠱᠢᠯᠲᠡ ᠪᠠᠷ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 30 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠤᠨ ᠠᠰᠢᠭ ᠭᠠᠶᠢᠯᠢ ᠶᠢᠨ ᠶᠡᠷᠦᠩᠬᠡᠢ ᠬᠡᠮᠵᠢᠶ᠎ᠡ ᠶᠢ 2 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃     ᠵᠢᠶᠠᠩᠰᠦ ᠶᠢᠨ ᠬᠤᠸᠠ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ A ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠪᠣᠯᠤᠨ᠎ᠠ᠂ ᠳᠤᠮᠳᠠᠳᠤ ᠤᠯᠤᠰ ᠤᠨ ᠦᠢᠯᠡᠳᠬᠡᠯ ᠤᠨ ᠦᠢᠯᠡᠰ ᠤᠨ 500 ᠬᠦᠴᠦᠷᠬᠡᠭ ᠠᠵᠤ ᠠᠬᠤᠶᠢᠯᠠᠯ ᠪᠣᠯᠤᠨ᠎ᠠ᠂ ᠪᠦᠬᠦ ᠤᠯᠤᠰ ᠤᠨ ᠬᠠᠮᠤᠭ ᠤᠨ ᠶᠡᠭᠡ ᠨᠸᠣᠳᠢᠮ ᠲᠡᠮᠦᠷ ᠤᠨ ᠬᠠᠶᠠᠭᠳᠠᠮᠠᠯ ᠮᠠᠲ᠋ᠧᠷᠢᠶᠠᠯ ᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠠᠵᠤ ᠠᠬᠤᠶᠢᠯᠠᠯ ᠪᠣᠯᠤᠨ᠎ᠠ᠃ ᠵᠢᠶᠠᠩᠰᠦ ᠮᠤᠵᠢ ᠶᠢᠨ ᠬᠤᠸᠠ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠲᠦᠷᠦᠯ ᠵᠦᠢᠯ ᠪᠤᠭᠤᠲᠤ ᠳᠤ ᠨᠤᠲᠤᠭᠰᠢᠵᠤ᠂ ᠪᠤᠭᠤᠲᠤ ᠶᠢᠨ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠳᠦᠭᠡᠨ ᠪᠠᠶᠢᠭᠤᠯᠤᠭᠰᠠᠨ ᠪᠠᠰᠠ ᠨᠢᠭᠡᠨ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠪᠣᠬᠢᠷᠲᠤᠯ ᠦᠭᠡᠢ ᠡᠷᠬᠢᠯᠳᠡᠳᠦ ᠬᠥᠭᠵᠢᠯᠲᠡ ᠳᠤ ᠰᠢᠨ᠎ᠡ ᠠᠷᠭ᠎ᠠ ᠵᠠᠮ ᠢ ᠨᠡᠭᠡᠭᠡᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠳᠦᠭᠡᠨ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号