ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ︽ᠬᠤᠲᠠ ᠶᠢᠨ ᠬᠠᠮᠢᠶᠠᠷᠤᠯᠲᠠ︾ ᠶᠢ ︽ᠦᠨᠡᠨᠴᠢ ᠪᠠᠷ ᠬᠠᠮᠢᠶᠠᠷᠬᠤ︾ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2024/8/30
      ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠤᠯᠢᠵᠢᠯ ᠤᠨ ᠤᠬᠠᠭᠤᠯᠭ᠎ᠠ ᠶᠢ ᠭᠦᠨᠵᠡᠭᠡᠶ ᠥᠷᠨᠢᠭᠦᠯᠬᠦ ᠶᠢᠨ ᠲᠥᠯᠥᠭᠡ᠂ ᠣᠶᠢᠷ᠎ᠠ ᠳᠤ᠂ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠤᠭᠤᠲᠤ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠠᠷᠢᠶᠠᠲᠤ ᠣᠷᠣᠨ ᠤ ᠳᠣᠲᠣᠷᠠᠬᠢ ᠲᠡᠷᠭᠡᠨ ᠵᠣᠭᠰᠣᠭᠠᠯ ᠢ ᠳᠠᠩᠰᠠᠯᠠᠭᠤᠯᠤᠭᠰᠠᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠥᠷᠨᠢᠭᠦᠯᠪᠡ᠃ ᠬᠠᠮᠢᠶᠠᠷᠤᠯᠲᠠ ᠶᠢᠨ ᠠᠯᠪᠠᠨ ᠬᠡᠷ ᠤᠨ ᠬᠠᠤᠯᠢ ᠬᠡᠷᠡᠭᠵᠢᠭᠦᠯᠬᠦ ᠭᠡᠰᠢᠭᠦᠳ ᠬᠠᠤᠯᠢ ᠬᠡᠷᠡᠭᠵᠢᠭᠦᠯᠬᠦ ᠣᠨᠣᠯᠵᠢᠬᠤᠨ ᠢᠶᠠᠨ ᠬᠤᠪᠢᠷᠠᠭᠤᠯᠵᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠮᠡᠳᠡᠭᠡ ᠵᠠᠩᠭᠢ ᠶᠢᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠪᠠᠷᠢᠮᠵᠢᠶᠠᠵᠢᠭᠰᠠᠨ ᠬᠠᠤᠯᠢ ᠬᠡᠷᠡᠭᠵᠢᠭᠦᠯᠬᠦ ᠶᠢ ᠠᠭᠤᠰᠤᠯᠴᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠰᠠᠭᠠᠳ ᠢ ᠠᠬᠢᠭᠤᠯᠬᠤ ᠲᠦᠷᠢᠮ︾ ᠤᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠭᠤᠤᠯ ᠰᠡᠳᠦᠪᠲᠦ ᠤᠬᠠᠭᠤᠯᠭ᠎ᠠ ᠶᠢᠨ ᠡᠯᠭᠦᠭᠡ ᠪᠢᠴᠢᠭᠡᠰᠦ ᠶᠢ ᠡᠯᠭᠦᠬᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠬᠠᠮᠢᠶᠠᠷᠤᠯᠲᠠ ᠶᠢᠨ ᠠᠯᠪᠠᠨ ᠬᠡᠷ ᠤᠨ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠨ ᠬᠠᠷᠢᠶᠠᠲᠤ ᠣᠷᠣᠨ ᠤ 10 ᠲᠡᠷᠭᠡᠨ ᠵᠣᠭᠰᠣᠭᠠᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ︽ᠲᠡᠷᠭᠡᠨ ᠵᠣᠭᠰᠣᠭᠠᠯ ᠤᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠬᠤ ᠶᠢᠨ ᠬᠠᠮᠲᠤ ᠬᠤᠳᠠᠯᠳᠤᠭᠠᠴᠢᠳ ᠲᠤ ᠲᠡᠷᠭᠡᠨ ᠵᠣᠭᠰᠣᠭᠠᠯ ᠤᠨ ᠬᠠᠷᠢᠭᠤᠴᠠᠯᠭ᠎ᠠ ᠶᠢᠨ ᠪᠢᠴᠢᠭ ᠲᠠᠬᠢ ᠣᠨᠴᠠᠭᠠᠶ ᠰᠠᠨᠠᠭᠤᠯᠤᠮᠵᠢ ᠶᠢ ᠤᠩᠰᠢᠨ ᠨᠡᠶᠢᠲᠡᠯᠡᠵᠦ᠄ ︽ᠵᠠᠭᠠᠯᠳᠤᠯᠭ᠎ᠠ ᠪᠠ ᠰᠠᠨᠠᠭᠤᠯᠭ᠎ᠠ ᠶᠢᠨ ᠠᠷᠭ᠎ᠠ ᠵᠠᠮ ᠭᠠᠷᠭᠠᠵᠤ᠂ ᠬᠤᠲᠠ ᠶᠢᠨ ᠠᠷᠠᠳ ᠤᠨ ᠠᠰᠠᠭᠤᠳᠠᠯ ᠢᠶᠠᠨ ᠲᠤᠰᠬᠠᠬᠤ᠂ ᠰᠠᠨᠠᠭᠤᠯᠭ᠎ᠠ ᠳᠤᠷᠠᠳᠬᠤ ᠳᠤ ᠲᠥᠬᠦᠮ ᠦᠵᠡᠭᠦᠯᠦᠨ᠎ᠡ᠃ ᠵᠠᠭᠠᠯᠳᠤᠯᠭ᠎ᠠ ᠪᠠ ᠰᠠᠨᠠᠭᠤᠯᠭ᠎ᠠ ᠶᠢ ᠴᠠᠭ ᠲᠤᠬᠠᠶ ᠳᠤᠨᠢ ᠳᠡᠩᠰᠡᠯᠡᠵᠦ᠂ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠭᠤ ᠲᠤᠰᠬᠠᠵᠤ᠂ ᠬᠤᠲᠠ ᠶᠢᠨ ᠠᠷᠠᠳ ᠤᠨ ᠡᠷᠬᠡ ᠠᠰᠢᠭ ᠢ ᠬᠠᠮᠠᠭᠠᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠶᠢᠨ ᠠᠷᠠᠳ ᠤᠨ ᠰᠠᠨᠠᠯ ᠢ ᠲᠣᠭᠲᠠᠮᠠᠯ ᠬᠤᠭᠤᠴᠠᠭ᠎ᠠ ᠲᠠᠢ ᠪᠠᠷ ᠴᠤᠭᠯᠠᠭᠤᠯᠤᠨ ᠵᠠᠳᠠᠯᠵᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠲᠡᠷᠭᠡᠨ ᠵᠣᠭᠰᠣᠭᠠᠯ ᠢ ᠬᠠᠷᠢᠭᠤᠴᠠᠯᠭ᠎ᠠ ᠶᠢᠨ ᠪᠢᠴᠢᠭ ᠲᠠᠬᠢ ᠲᠣᠭᠲᠠᠭᠠᠯ ᠢ ᠴᠢᠩᠭ᠎ᠠ ᠵᠢᠷᠤᠮᠯᠠᠨ ᠬᠠᠤᠯᠢ ᠶᠣᠰᠣᠭᠠᠷ ᠵᠢᠷᠤᠮᠵᠢᠭᠤᠯᠤᠨ ᠡᠵᠡᠩᠨᠡᠬᠦ ᠶᠢ ᠱᠠᠭᠠᠷᠳᠠᠪᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠡᠮᠵᠢᠨ᠂ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠦᠨ᠂ ᠲᠡᠷᠭᠡᠨ ᠵᠣᠭᠰᠣᠭᠠᠯ ᠤᠨ ᠬᠠᠷᠢᠭᠤᠴᠠᠯᠭᠠᠲᠠᠨ ᠢ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠤᠯᠢ ᠪᠠᠷ ᠵᠠᠰᠠᠬᠤ ᠤᠬᠠᠭᠤᠯᠭ᠎ᠠ ᠶᠢ ᠰᠢᠯᠢᠳᠡᠭᠵᠢᠭᠦᠯᠬᠦ︾ ᠲᠤᠬᠠᠶ ᠤᠯᠠᠮ ᠨᠢᠭᠡ ᠠᠯᠬᠤᠮ ᠲᠠᠨᠢᠵᠤ ᠣᠶᠢᠯᠠᠭᠠᠯᠲᠠ ᠲᠠᠢ ᠪᠣᠯᠭᠠᠵᠤ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢ ᠶᠡᠭᠡ ᠪᠠᠷ ᠳᠥᠯᠭᠢᠨ ᠠᠬᠢᠭᠤᠯᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号