ᠬᠢᠷᠢ ᠲᠡᠩᠴᠡᠬᠦ ᠦᠭᠡᠶ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/8/30
      2024 ᠣᠨ ᠤ 6 ᠰᠠᠷ᠎ᠠ ᠶᠢᠨ 10 ᠤ ᠡᠳᠦᠷ ᠮᠠᠨ ᠤ ᠲᠣᠪᠴᠢᠶ᠎ᠠ ᠪᠤᠭᠤᠲᠤ ᠬᠤᠲᠠ ᠶᠢᠨ ᠰᠢᠯᠭᠠᠨ ᠪᠠᠶᠢᠴᠠᠭᠠᠭᠰᠠᠨ ᠲᠥᠪ ᠤᠨ ︽ᠰᠢᠯᠭᠠᠨ ᠪᠠᠶᠢᠴᠠᠭᠠᠭᠰᠠᠨ ᠮᠡᠳᠡᠭᠦᠯᠦᠯᠲᠡ︾ ᠶᠢ 4 ᠬᠤᠪᠢ ᠬᠤᠷᠢᠶᠠᠨ ᠣᠯᠵᠤ᠂  SP349᠂ ︵2024︶ JDSP350᠂ ︵2024︶ JDSP351᠂ ︵2024︶ JDSP351᠂ ︵2024︶ JDSP351᠂ ︵2024︶ JDSP352᠂ ︵2024︶ JDSP352 ᠨᠣᠮᠧᠷ ᠢᠶᠠᠷ ᠳ᠋ᠤᠭᠠᠷᠯᠠᠪᠠ᠃ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠄ 2024 ᠣᠨ ᠤ 5 ᠰᠠᠷ᠎ᠠ ᠶᠢᠨ 8 ᠤ ᠡᠳᠦᠷ᠂ ᠪᠤᠭᠤᠲᠤ ᠬᠤᠲᠠ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠤᠨ ᠥᠯᠢᠭᠡᠷ ᠠᠪᠬᠤ ᠠᠵᠢᠯᠲᠠᠨ ᠬᠤᠪᠣᠷ ᠰᠢᠷᠣᠶ ᠶᠢᠨ ᠨᠡᠭᠡᠭᠡᠯᠲᠡ ᠶᠢᠨ ᠣᠷᠣᠨ ᠤ ᠫᠧᠩ ᠭᠤᠸᠠᠩ ᠯᠢᠨ ᠠᠮᠲᠠᠯᠠᠭᠴᠢ ᠪᠣᠷᠣᠯᠠᠭᠤᠯᠬᠤ ᠭᠠᠵᠠᠷ ᠲᠤ ᠴᠢᠨᠠᠭᠰᠠᠨ ᠲᠠᠬᠢᠶᠠᠨ ᠤ ᠠᠮᠲᠠ ᠣᠷᠣᠭᠤᠯᠬᠤ ᠡᠳ᠋᠂ ᠴᠢᠨᠠᠭᠰᠠᠨ ︵ᠰᠢᠭᠠᠷᠦ︶  ᠦᠬᠡᠷ ᠬᠤᠨᠢᠨ ᠤ ᠠᠮᠲᠠ ᠣᠷᠣᠭᠤᠯᠬᠤ ᠡᠳ᠋᠂ ᠴᠢᠨᠠᠭᠰᠠᠨ ︵ᠰᠢᠭᠠᠷᠦ︶ ᠮᠢᠬᠠᠨ ᠤ ᠠᠮᠲᠠ ᠣᠷᠣᠭᠤᠯᠬᠤ ᠡᠳ᠋᠂ ᠴᠢᠨᠠᠭᠰᠠᠨ ︵ᠢᠳᠡᠭᠡᠨ︶ ᠵᠢᠭᠠᠰᠤᠨ ᠤ ᠠᠮᠲᠠ ᠣᠷᠣᠭᠤᠯᠬᠤ ᠮᠠᠲ᠋ᠧᠷᠢᠶᠠᠯ ᠳᠤ ᠥᠯᠢᠭᠡᠷ ᠠᠪᠴᠤ ᠰᠢᠯᠭᠠᠨ ᠪᠠᠶᠢᠴᠠᠭᠠᠵᠤ᠂ ᠪᠤᠭᠤᠲᠤ ᠬᠤᠲᠠ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠠᠴᠠ ᠥᠯᠢᠭᠡᠷ ᠠᠪᠴᠤ ᠰᠢᠯᠭᠠᠨ ᠪᠠᠶᠢᠴᠠᠭᠠᠵᠤ᠂ ᠬᠦᠬᠦᠷ ᠤᠨ ᠳᠠᠪᠬᠤᠷ ᠢᠰᠦᠯ ᠤᠨ ᠦᠯᠡᠳᠡᠭᠳᠡᠯ ᠤᠨ ᠬᠡᠮᠵᠢᠶ᠎ᠡ ᠶᠢᠨ ᠲᠥᠷᠥᠯ ᠵᠦᠢᠯ ᠨᠢ GB2760 - 2014 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠪᠠᠷᠢᠮᠵᠢᠶ᠎ᠠ︾ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ᠂ ᠰᠢᠯᠭᠠᠨ ᠪᠠᠶᠢᠴᠠᠭᠠᠭᠰᠠᠨ ᠳ᠋ᠦᠩ ᠨᠢ ᠬᠢᠷᠢ ᠲᠡᠩᠴᠡᠭᠰᠡᠨ ᠥᠬᠡᠶ᠃ ᠡᠳᠦᠭᠡ ᠬᠢᠷᠢ ᠲᠡᠩᠴᠡᠬᠦ ᠦᠭᠡᠢ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄       1. ᠰᠤᠭᠤᠴᠢᠨ ᠪᠠᠶᠢᠴᠠᠭᠠᠬᠤ ᠶᠢᠨ ᠦᠨᠳᠦᠰᠦᠨ ᠪᠠᠶᠢᠳᠠᠯ        ᠶᠠᠩᠵᠤ ᠡᠳ᠋ ᠤᠨ ᠨᠡᠷᠡᠶᠢᠳᠦᠯ᠄ ᠴᠢᠨᠠᠬᠤ ︵ᠰᠢᠭᠦᠰᠦ︶ ᠲᠠᠬᠢᠶᠠᠨ ᠪᠠᠭᠰᠤᠷᠭ᠎ᠠ ᠤᠷᠤᠭᠤᠯᠬᠤ᠂ ᠴᠢᠨᠠᠬᠤ ︵ᠰᠢᠭᠦᠰᠦ︶ ᠦᠬᠡᠷ᠂ ᠬᠤᠨᠢᠨ ᠤ ᠪᠠᠭᠰᠤᠷᠭ᠎ᠠ ᠤᠷᠤᠭᠤᠯᠬᠤ᠂ ᠴᠢᠨᠠᠬᠤ ︵ᠰᠢᠭᠦᠰᠦ︶ ᠪᠠᠭᠰᠤᠷᠭ᠎ᠠ ᠵᠡᠷᠭᠡ ᠪᠠᠭᠰᠤᠷᠭ᠎ᠠ᠂ᠴᠢᠨᠠᠭᠰᠠᠨ ︵ᠢᠳᠡᠭᠡᠨ︶ ᠵᠢᠭᠠᠰᠤᠨ ᠤ ᠠᠮᠲᠠ ᠣᠷᠣᠭᠤᠯᠬᠤ ᠮᠠᠲ᠋ᠧᠷᠢᠶᠠᠯ  ᠃ ᠪᠠᠷᠢᠮᠵᠢᠶ᠎ᠠ᠄ ᠲᠣᠰ ᠪᠦᠷᠢ 40 ᠭᠷᠠᠮ ︵20 ᠭᠷᠠᠮ x2 ᠪᠠᠭᠯᠠᠭ᠎ᠠ︶ \ ᠤᠭᠤᠲᠠ᠃ ᠭᠠᠳᠡᠨ᠎ᠡ ᠠᠴᠠ ᠭ᠋ᠤᠳᠡᠯᠳᠦᠨ ᠠᠪᠦᠭ᠌ᠰᠡᠨ 50 ᠤᠭᠤᠲᠠ᠃ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠬᠦᠬᠦᠷ ᠤᠨ ᠲᠠᠪᠬᠤᠷ ᠢᠰᠣᠯ‌ᠦᠯᠡᠳᠡᠮᠡᠯ ᠬᠡᠮᠵᠢᠶ᠎ᠡ᠃ ᠰᠢᠯᠭᠠᠨ ᠪᠠᠶᠢᠴᠠᠭᠠᠬᠤ ᠪᠠᠶᠢᠭᠤᠯᠤᠮᠵᠢ᠄ ᠪᠤᠭᠤᠲᠤ ᠬᠤᠲᠠ ᠶᠢᠨ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠲᠥᠪ᠃       2. ᠬᠢᠷᠢ ᠲᠡᠩᠴᠡᠬᠦ ᠦᠭᠡᠶ ᠢᠳᠡᠭᠡᠨ ᠢ  ᠰᠢᠢᠳᠪᠦᠷᠢᠯᠡᠭᠰᠡᠨ ᠪᠠᠶᠢᠳᠠᠯ      ᠬᠤᠪᠣᠷ ᠰᠢᠷᠤᠢ ᠶᠢᠨ ᠨᠡᠭᠡᠭᠡᠯᠲᠡ ᠶᠢᠨ ᠤᠷᠤᠨ ᠤ ᠫᠧᠩ ᠭᠤᠸᠠᠩ ᠯᠢᠨ  ᠠᠮᠲᠠ ᠣᠷᠣᠭᠤᠯᠬᠤ ᠡᠳ᠋ ᠪᠣᠷᠣᠯᠠᠭᠤᠯᠬᠤ ᠭᠠᠵᠠᠷ ᠤᠨ ᠡᠵᠡᠩᠨᠡᠭᠰᠡᠨ᠄ ᠴᠢᠨᠠᠭᠰᠠᠨ ᠲᠠᠬᠢᠶᠠᠨ ᠤ ᠠᠮᠲᠠ ᠣᠷᠣᠭᠤᠯᠬᠤ ᠡᠳ᠋᠂ ᠴᠢᠨᠠᠬᠤ ︵ ᠰᠢᠭᠦᠰᠦ︶ ᠶᠢᠨ ᠦᠬᠡᠷ ᠬᠤᠨᠢᠨ ᠠᠮᠲᠠ ᠣᠷᠣᠭᠤᠯᠬᠤ ᠡᠳ᠋᠂ ᠴᠢᠨᠠᠬᠤ ︵ ᠰᠢᠭᠦᠰᠦ  ︶ ᠤᠨ ᠮᠢᠬᠠᠨ ᠤ ᠠᠮᠲᠠ ᠣᠷᠣᠭᠤᠯᠬᠤ ᠡᠳ᠋᠂ ᠴᠢᠨᠠᠬᠤ ︵ᠰᠢᠭᠦᠰᠦ  ︶ ᠵᠢᠭᠠᠰᠤᠨ ᠠᠮᠲᠠ ᠨᠢ ᠤᠯᠤᠰ ᠤᠨ ᠢᠳᠡᠭᠡᠨ ᠤ ᠠᠮᠤᠷ  ᠲᠦᠪᠰᠢᠨ ᠤ ᠪᠠᠷᠢᠮᠵᠢᠶ᠎ᠠ ᠳᠤ ᠨᠡᠢᠴᠡᠬᠦ ᠦᠭᠡᠢ ᠦᠢᠯᠡ ᠠᠵᠢᠯᠯᠠᠭ᠎ᠠ ᠶᠢ  ᠰᠢᠢᠳᠭᠡᠬᠦ ᠠᠴᠠ ᠬᠡᠯᠲᠦᠷᠢᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ  ᠲᠦᠪᠰᠢᠨ ᠤ ᠬᠠᠤᠯᠢ︾ ᠶᠢᠨ ᠵᠠᠭᠤ ᠭᠤᠴᠢᠨ ᠵᠢᠷᠭᠤᠳᠤᠭᠠᠷ ᠵᠦᠢᠯ ᠢ ᠦᠨᠳᠦᠰᠦᠯᠡᠪᠡᠯ᠂ ᠬᠤᠳᠠᠯᠳᠤᠨ ᠠᠪᠤᠭᠰᠠᠨ ᠢᠳᠡᠭᠡᠨ ᠨᠢ ᠢᠳᠡᠭᠡᠨ ᠤ ᠠᠮᠤᠷ  ᠲᠦᠪᠰᠢᠨ ᠤ ᠪᠠᠷᠢᠮᠵᠢᠶ᠎ᠠ ᠳᠤ ᠨᠡᠢᠴᠡᠬᠦ ᠦᠭᠡᠢ ᠶᠢ ᠨᠢ ᠭᠦᠢᠴᠡᠳ ᠭᠡᠷᠡᠴᠢ ᠪᠠᠷᠢᠮᠲᠠ ᠣᠯᠭᠤᠭᠰᠠᠨ ᠪᠠᠶᠢᠪᠠᠯ᠂ ᠲᠤᠬᠠᠢ ᠶᠢᠨ ᠬᠥᠮᠦᠨ ᠢ ᠰᠢᠢᠳᠭᠡᠬᠦ ᠥᠬᠡᠢ ᠪᠠᠶᠢᠵᠤ ᠪᠣᠯᠤᠨ᠎ᠠ᠃       3. ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ      ᠬᠤᠪᠣᠷ ᠰᠢᠷᠣᠶ ᠶᠢᠨ ᠨᠡᠭᠡᠭᠡᠯᠲᠡ ᠶᠢᠨ ᠣᠷᠣᠨ ᠤ ᠫᠧᠩ ᠭᠤᠸᠠᠩ ᠯᠢᠨ ᠪᠠᠭᠰᠤᠷᠭ᠎ᠠ ᠪᠤᠷᠤᠯᠠᠭᠤᠯᠬᠤ ᠭᠠᠵᠠᠷ ᠨᠢᠭᠡᠨᠲᠡ ᠮᠠᠨ ᠤ ᠲᠣᠪᠴᠢᠶ᠎ᠠ ᠳᠤ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠳᠡᠪᠰᠢᠭᠦᠯᠵᠦ᠂  ᠲᠡᠭᠦᠨ ᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳᠠᠬᠢᠨ ᠪᠠᠶᠢᠴᠠᠭᠠᠵᠤ ᠰᠢᠯᠭᠠᠨ ᠠᠪᠤᠪᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号