ᠶᠡᠷᠦᠩᠬᠡᠢᠯᠡᠭᠰᠡᠨ ᠰᠣᠶᠣᠯ ᠤᠨ ᠥᠷᠲᠡᠭᠡ ᠴᠠᠭ ᠬᠤᠭᠤᠴᠠᠭ᠎ᠠ ᠬᠤᠶᠢᠰᠢᠯᠠᠭᠤᠯᠤᠨ ᠴᠢᠯᠥᠭᠡᠲᠡᠢ ᠶᠠᠪᠤᠯᠴᠠᠬᠤ ᠪᠠᠲᠤᠯᠠᠭ᠎ᠠ ᠶᠢᠨ ᠲᠣᠭᠲᠠᠴᠠ
ᠨᠡᠶᠢᠲᠡᠯᠡᠭᠰᠡᠨ ᠴᠠᠭ᠄
2024/8/30
ᠨᠢᠭᠡ᠂ ᠵᠠᠷᠤᠳᠠᠯ ᠤᠨ ᠪᠠᠲᠤᠯᠠᠭ᠎ᠠ    1. ᠲᠤᠰᠬᠠᠶ ᠵᠠᠷᠤᠳᠠᠯ ᠪᠠᠶᠢᠭᠤᠯᠵᠤ᠂ ᠴᠠᠭ ᠢ ᠵᠥᠷᠢᠭᠦᠯᠦᠨ ᠨᠡᠭᠡᠭᠡᠬᠦ ᠬᠤᠭᠤᠴᠠᠭᠠᠨ ᠳᠠᠬᠢ ᠠᠵᠢᠯᠲᠠᠨ ᠤ ᠴᠠᠭ ᠨᠡᠮᠡᠵᠦ ᠠᠵᠢᠯᠯᠠᠬᠤ ᠵᠠᠷᠤᠳᠠᠯ᠂ ᠤᠰᠤ ᠴᠠᠬᠢᠯᠭᠠᠨ ᠤ ᠵᠠᠷᠤᠳᠠᠯ᠂ ᠪᠡᠯᠡᠳᠬᠡᠮᠵᠢ ᠲᠥᠬᠦᠭᠡᠷᠦᠮᠵᠢ ᠶᠢ ᠰᠡᠯᠪᠢᠨ ᠵᠠᠰᠠᠬᠤ ᠵᠠᠷᠤᠳᠠᠯ ᠵᠡᠷᠭᠡ ᠶᠢ ᠥᠭᠬᠦ ᠳᠤ ᠬᠡᠷᠡᠭᠯᠡᠨ᠎ᠡ᠃     2. ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠵᠠᠷᠤᠳᠠᠯ ᠤᠨ ᠢᠷᠡᠯᠲᠡ ᠶᠢᠨ ᠠᠷᠭ᠎ᠠ ᠵᠠᠮ ᠢᠶᠠᠨ ᠥᠷᠭᠡᠳᠬᠡᠬᠦ ᠬᠡᠷᠡᠭᠲᠡᠶ᠃     3. ᠵᠠᠷᠤᠳᠠᠯ ᠤᠨ ᠬᠡᠷᠡᠭᠯᠡᠯᠲᠡ ᠶᠢ ᠴᠢᠩᠭ᠎ᠠ ᠬᠠᠮᠢᠶᠠᠷᠴᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ᠬᠤᠶᠠᠷ᠂ ᠪᠡᠯᠡᠳᠬᠡᠮᠵᠢ ᠲᠥᠬᠦᠭᠡᠷᠦᠮᠵᠢ ᠶᠢᠨ ᠪᠠᠲᠤᠯᠠᠭ᠎ᠠ     1. ᠲᠣᠭᠲᠠᠮᠠᠯ ᠬᠤᠭᠤᠴᠠᠭ᠎ᠠ ᠲᠠᠢ ᠪᠠᠷ ᠰᠣᠶᠣᠯ ᠤᠨ ᠥᠷᠲᠡᠭᠡᠨ ᠳᠠᠬᠢ ᠪᠡᠯᠡᠳᠬᠡᠮᠵᠢ ᠲᠥᠬᠦᠭᠡᠷᠦᠮᠵᠢ ᠶᠢ ᠪᠠᠶᠢᠴᠠᠭᠠᠨ ᠬᠠᠮᠠᠭᠠᠯᠠᠵᠤ᠂ ᠴᠠᠭ ᠵᠥᠷᠢᠭᠦᠯᠦᠨ ᠨᠡᠭᠡᠭᠡᠬᠦ ᠬᠤᠭᠤᠴᠠᠭᠠᠨ ᠳᠤ ᠬᠡᠪ ᠤᠨ ᠶᠣᠰᠣᠭᠠᠷ ᠠᠵᠢᠯᠯᠠᠬᠤ ᠶᠢ ᠦᠨᠡᠨᠬᠦ ᠪᠠᠲᠤᠯᠠᠨ᠎ᠠ᠃     2. ᠠᠮᠠᠷᠬᠠᠨ ᠬᠤᠬᠢᠷᠠᠭᠰᠠᠨ ᠲᠣᠨᠤᠭ ᠲᠥᠬᠦᠭᠡᠷᠦᠮᠵᠢ ᠪᠣᠯᠤᠨ ᠰᠡᠯᠪᠢᠨ ᠵᠠᠰᠠᠬᠤ ᠴᠢᠬᠤᠯᠠ ᠪᠦᠬᠦᠢ ᠪᠠᠭᠠᠵᠢ ᠬᠡᠷᠡᠭᠰᠡᠯ ᠢ ᠨᠥᠭᠡᠴᠡᠯᠡᠵᠦ᠂ ᠪᠡᠯᠡᠳᠬᠡᠮᠵᠢ ᠲᠥᠬᠦᠭᠡᠷᠦᠮᠵᠢ ᠶᠢᠨ ᠭᠡᠮ ᠰᠣᠭᠤᠭ ᠢ ᠴᠠᠭ ᠲᠤᠬᠠᠶ ᠳᠤᠨᠢ ᠰᠢᠶ᠋ᠳᠪᠦᠷᠢᠯᠡᠬᠦ ᠳᠤ ᠳᠥᠭᠦᠮ ᠪᠣᠯᠭᠠᠨ᠎ᠠ᠃     3. ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠪᠡᠯᠡᠳᠬᠡᠮᠵᠢ ᠲᠥᠬᠦᠭᠡᠷᠦᠮᠵᠢ ᠪᠠᠨ ᠴᠠᠭ ᠲᠤᠨᠢ ᠲᠣᠬᠢᠷᠠᠭᠤᠯᠤᠨ ᠰᠢᠨᠡᠳᠬᠡᠬᠦ ᠪᠠ ᠨᠥᠬᠦᠪᠥᠷᠢᠯᠡᠵᠦ᠂ ᠦᠢᠯᠡᠴᠢᠯᠡᠭᠡᠨ ᠤ ᠴᠢᠳᠠᠮᠵᠢ ᠪᠠᠨ ᠳᠡᠭᠡᠭᠰᠢᠯᠡᠭᠦᠯᠬᠦ ᠬᠡᠷᠡᠭᠲᠡᠶ᠃ᠭᠤᠷᠪᠠ᠂ ᠠᠮᠤᠷ ᠲᠦᠪᠰᠢᠨ ᠤ ᠪᠠᠲᠤᠯᠠᠭ᠎ᠠ     1. ᠰᠣᠶᠣᠯ ᠤᠨ ᠥᠷᠲᠡᠭᠡ ᠶᠢᠨ ᠠᠶᠤᠯ ᠦᠭᠡᠶ ᠶᠢᠨ ᠬᠠᠮᠢᠶᠠᠷᠤᠯᠲᠠ ᠶᠢ ᠴᠢᠩᠭᠠᠳᠬᠠᠨ᠂ ᠠᠶᠤᠯ ᠦᠭᠡᠶ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ ᠬᠡᠷᠡᠭᠲᠡᠶ᠃     2. ᠴᠠᠭ ᠵᠥᠷᠢᠭᠦᠯᠦᠨ ᠨᠡᠭᠡᠭᠡᠬᠦ ᠬᠤᠭᠤᠴᠠᠭᠠᠨ ᠳᠤ ᠠᠮᠤᠷ ᠢ ᠬᠠᠮᠠᠭᠠᠯᠠᠬᠤ ᠠᠵᠢᠯᠲᠠᠨ ᠤ ᠴᠠᠭᠳᠠᠨ ᠲᠣᠭᠤᠷᠢᠬᠤ ᠲᠤᠭ᠎ᠠ ᠶᠢ ᠨᠡᠮᠡᠭᠳᠡᠭᠦᠯᠵᠦ᠂ ᠥᠷᠲᠡᠭᠡᠨ ᠳᠣᠲᠣᠷᠠᠬᠢ ᠬᠥᠮᠦᠰ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃     3. ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ᠂ ᠰᠣᠶᠣᠯ ᠤᠨ ᠥᠷᠲᠡᠭᠡᠨ ᠳᠠᠬᠢ ᠣᠯᠠᠨ ᠨᠡᠶᠢᠲᠡ ᠶᠢᠨ ᠣᠷᠣᠨ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠬᠢᠨᠠᠨ ᠡᠵᠡᠮᠳᠡᠬᠦ ᠥᠷᠲᠡᠭᠡᠨ ᠳᠠᠬᠢ ᠪᠠᠶᠢᠳᠠᠯ ᠢ ᠴᠠᠭ ᠲᠤᠬᠠᠶ ᠳᠤᠨᠢ ᠬᠢᠨᠠᠨ ᠡᠵᠡᠮᠳᠡᠨ᠎ᠡ᠃    4. ᠠᠮᠤᠷ ᠢ ᠬᠠᠮᠠᠭᠠᠯᠠᠬᠤ ᠠᠵᠢᠯᠲᠠᠨ ᠢ ᠴᠠᠭ ᠵᠥᠷᠢᠭᠦᠯᠦᠨ ᠴᠠᠭ ᠢ ᠤᠷᠲᠤᠳᠬᠠᠬᠤ  ᠦᠢᠯᠡᠴᠢᠯᠡᠭᠡᠨ ᠤ ᠬᠤᠭᠤᠴᠠᠭᠠᠨ ᠤ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠠᠭ ᠢ ᠤᠷᠲᠤᠳᠬᠠᠬᠤ ᠬᠤᠭᠤᠴᠠᠭᠠᠨ ᠳᠠᠬᠢ ᠵᠢᠵᠢᠭᠦᠷᠯᠡᠬᠦ ᠲᠦᠷᠢᠮ᠂ ᠪᠦᠬᠦᠨ ᠢ ᠲᠣᠭᠤᠷᠢᠨ ᠪᠠᠶᠢᠴᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠪᠡᠶ᠎ᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃     5. ᠥᠷᠲᠡᠭᠡ ᠳᠤ ᠠᠮᠤᠷ ᠢ ᠬᠠᠮᠠᠭᠠᠯᠠᠬᠤ ᠰᠠᠯᠠᠭᠠᠨ ᠤ ᠤᠲᠠᠰᠤ ᠶᠢ ᠨᠠᠭᠠᠵᠤ᠂ ᠣᠯᠠᠨ ᠲᠦᠮᠡᠨ ᠤ ᠠᠮᠤᠷ ᠲᠦᠪᠰᠢᠨ ᠤ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠠᠮᠤᠷ ᠢ ᠬᠠᠮᠠᠭᠠᠯᠠᠬᠤ ᠳ᠋ᠢᠶᠠᠩᠬᠤᠸᠠ ᠤᠲᠠᠰᠤᠳᠠᠬᠤ ᠶᠢ ᠪᠠᠲᠤᠯᠠᠬᠤ ᠬᠡᠷᠡᠭᠲᠡᠶ᠃ᠳᠥᠷᠪᠡ᠂ ᠦᠢᠯᠡᠴᠢᠯᠡᠭᠡᠨ ᠤ ᠪᠠᠲᠤᠯᠠᠭ᠎ᠠ    1. ᠣᠯᠠᠨ ᠲᠦᠮᠡᠨ ᠢ ᠭᠥᠯᠢᠶᠡᠨ ᠠᠪᠬᠤ ᠠᠵᠢᠯ᠂ ᠰᠣᠶᠣᠯ ᠤᠨ ᠦᠢᠯᠡᠴᠢᠯᠡᠭᠡᠨ ᠤ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠵᠣᠬᠢᠴᠠᠭᠤᠯᠬᠤ ᠠᠵᠢᠯ ᠢ ᠬᠠᠯᠠᠭᠤᠮᠰᠤᠭ ᠢᠶᠠᠷ ᠰᠠᠶᠢᠲᠤᠷ ᠬᠢᠬᠦ ᠬᠡᠷᠡᠭᠲᠡᠶ᠃    2. ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠳᠤ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ ᠰᠣᠶᠣᠯ ᠤᠨ ᠦᠢᠯᠡᠴᠢᠯᠡᠭᠡ ᠬᠠᠩᠭᠠᠨ᠎ᠠ᠃     3. ᠰᠠᠨᠠᠯ ᠤᠨ ᠬᠠᠶᠢᠷᠴᠠᠭ ᠪᠠ ᠵᠠᠭᠠᠯᠳᠤᠬᠤ ᠤᠲᠠᠰᠤ ᠭᠠᠷᠭᠠᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠴᠠᠭ ᠲᠤᠬᠠᠢ ᠳᠤ ᠨᠢ ᠴᠤᠭᠯᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃     4. ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠠᠳᠠᠯᠢ ᠪᠤᠰᠤ ᠬᠥᠮᠦᠰ ᠤᠨ ᠰᠣᠶᠣᠯ ᠤᠨ ᠬᠡᠷᠡᠭᠴᠡᠭᠡ ᠶᠢ ᠬᠠᠩᠭᠠᠵᠤ᠂ ᠰᠣᠶᠣᠯ ᠤᠨ ᠥᠷᠲᠡᠭᠡᠨ ᠤ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ᠲᠠᠪᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠪᠠᠲᠤᠯᠠᠭ᠎ᠠ     1. ᠴᠠᠭ ᠬᠤᠭᠤᠴᠠᠭ᠎ᠠ ᠶᠢ ᠵᠥᠷᠢᠭᠦᠯᠦᠨ ᠨᠡᠭᠡᠭᠡᠬᠦ ᠠᠵᠢᠯ ᠳᠤ ᠣᠷᠣᠯᠴᠠᠭᠰᠠᠨ ᠬᠥᠮᠦᠰ ᠲᠤ ᠲᠤᠰᠬᠠᠶ ᠪᠣᠯᠪᠠᠰᠤᠷᠠᠭᠤᠯᠤᠯ ᠬᠢᠵᠦ᠂ ᠦᠢᠯᠡᠴᠢᠯᠡᠭᠡᠨ ᠤ ᠦᠵᠡᠯ ᠤᠬᠠᠮᠰᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃     2. ᠠᠵᠢᠯᠲᠠᠨ ᠡᠭᠡᠯᠵᠢᠯᠡᠭᠦᠯᠬᠦ ᠳᠦᠷᠢᠮ ᠢ ᠪᠠᠶᠢᠭᠤᠯᠵᠤ᠂ ᠰᠣᠶᠣᠯ ᠤᠨ ᠥᠷᠲᠡᠭᠡ ᠶᠢᠨ ᠠᠵᠢᠯᠲᠠᠨ᠂ ᠰᠣᠶᠣᠯ ᠤᠨ ᠬᠠᠪᠰᠤᠷᠤᠨ ᠬᠠᠮᠢᠶᠠᠷᠤᠭᠴᠢ ᠶᠢᠨ ᠬᠠᠷᠢᠭᠤᠴᠠᠯᠭ᠎ᠠ ᠶᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ᠃    3. ᠠᠵᠢᠯᠲᠠᠨ ᠢ ᠵᠣᠬᠢᠰᠲᠠᠶ ᠲᠣᠬᠢᠷᠠᠭᠤᠯᠵᠤ᠂ ᠴᠠᠭ ᠢ ᠵᠥᠷᠢᠭᠦᠯᠦᠨ ᠨᠡᠭᠡᠭᠡᠬᠦ ᠬᠤᠭᠤᠴᠠᠭᠠᠨ ᠳᠠᠬᠢ ᠵᠢᠵᠢᠭᠦᠷᠯᠡᠭᠴᠢ ᠶᠢᠨ ᠲᠤᠭ᠎ᠠ ᠶᠢ ᠨᠡᠮᠡᠭᠳᠡᠭᠦᠯᠵᠦ᠂ ᠠᠵᠢᠯ ᠤᠨ ᠪᠠᠶᠢᠷᠢ ᠳᠤ ᠬᠦᠷᠦᠭᠰᠡᠨ ᠪᠠᠶᠢᠳᠠᠯ᠂ ᠡᠭᠡᠯᠵᠢ ᠳᠠᠭᠠᠭᠤᠯᠤᠨ ᠵᠢᠵᠢᠭᠦᠷᠯᠡᠬᠦ ᠪᠠᠶᠢᠳᠠᠯ ᠢ ᠨᠠᠶᠢᠳᠠᠪᠤᠷᠢᠵᠢᠭᠤᠯᠤᠨ᠂ ᠡᠳᠦᠷ ᠪᠦᠷᠢ ᠨᠢᠭᠡ ᠮᠡᠳᠡᠭᠦᠯᠵᠦ᠂ ᠪᠦᠷᠢᠳᠬᠡᠨ ᠳᠠᠩᠰᠠᠯᠠᠬᠤ ᠬᠡᠷᠡᠭᠲᠡᠶ᠃     4.  ᠦᠢᠯᠡᠴᠢᠯᠡᠭᠡᠨ ᠤ ᠶᠠᠰᠤ ᠴᠢᠨᠠᠷ ᠢ ᠴᠢᠩᠭ᠎ᠠ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠯᠡᠨ ᠵᠢᠱᠢᠵᠦ᠂ ᠪᠠᠶᠢᠪᠠᠯ ᠵᠠᠯᠠᠷᠠᠭᠤᠯᠤᠭᠰᠠᠨ ᠦᠭᠡᠢ ᠪᠣᠯ ᠲᠢᠲᠢᠮ ᠬᠠᠮᠠᠭᠠᠯᠠᠬᠤ ᠬᠡᠷᠡᠭᠲᠡᠶ᠃    5. ᠨᠡᠶᠢᠭᠡᠮ ᠤᠨ ᠬᠢᠨᠠᠯᠲᠠ ᠲᠠᠯᠪᠢᠯᠲᠠ᠂ ᠣᠯᠠᠨ ᠲᠦᠮᠡᠨ ᠤ ᠬᠢᠨᠠᠯᠲᠠ ᠲᠠᠯᠪᠢᠯᠲᠠ ᠶᠢ ᠢᠳᠡᠪᠬᠢᠲᠡᠶ ᠵᠣᠷᠢᠭᠵᠢᠭᠤᠯᠵᠤ᠂ ᠰᠣᠶᠣᠯ ᠤᠨ ᠥᠷᠲᠡᠭᠡ ᠶᠢ ᠴᠠᠭ ᠵᠥᠷᠢᠭᠦᠯᠦᠨ ᠬᠤᠶᠢᠰᠢᠯᠠᠭᠤᠯᠬᠤ ᠠᠵᠢᠯ ᠢ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ᠵᠢᠷᠭᠤᠭ᠎ᠠ᠂ ᠴᠠᠭ ᠬᠤᠭᠤᠴᠠᠭ᠎ᠠ ᠶᠢ ᠵᠥᠷᠢᠭᠦᠯᠦᠨ ᠨᠡᠭᠡᠭᠡᠬᠦ ᠴᠠᠭ ᠬᠤᠭᠤᠴᠠᠭ᠎ᠠ    1 ᠠᠵᠢᠯᠯᠠᠬᠤ ᠡᠳᠦᠷ᠄ ᠬᠡᠪ ᠤᠨ ᠶᠣᠰᠣᠭᠠᠷ ᠠᠵᠢᠯᠯᠠᠬᠤ ᠴᠠᠭ ᠠᠴᠠ ᠭᠠᠳᠠᠨ᠎ᠠ᠂ ᠴᠠᠭ ᠢ ᠵᠥᠷᠢᠭᠦᠯᠦᠨ ᠴᠠᠭ ᠢ ᠤᠷᠲᠤᠳᠬᠠᠬᠤ ᠦᠢᠯᠡᠴᠢᠯᠡᠭᠡᠨ ᠤ ᠴᠠᠭ ᠨᠢ 17᠄ 00 - 20᠄ 00 ᠴᠠᠭ᠂ ᠴᠠᠭ ᠢ ᠵᠥᠷᠢᠭᠦᠯᠦᠨ ᠴᠠᠭ ᠢ ᠤᠷᠲᠤᠳᠬᠠᠨ 3 ᠴᠠᠭ ᠦᠢᠯᠡᠴᠢᠯᠡᠨ᠎ᠡ᠃     2. ᠬᠤᠤᠰ ᠠᠮᠠᠷᠠᠯᠲᠠ ᠶᠢᠨ ᠡᠳᠦᠷ᠂ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠄ ᠮᠦᠽᠧᠶ ᠨᠡᠭᠡᠭᠡᠬᠦ ᠴᠠᠭ ᠨᠢ 9᠄ 00 - 17᠄ 00᠂ ᠴᠠᠭ ᠢ ᠵᠥᠷᠢᠭᠦᠯᠦᠨ 8 ᠴᠠᠭ ᠤᠷᠲᠤᠳᠬᠠᠨ᠎ᠠ᠃    3. ᠬᠤᠤᠰ ᠠᠮᠠᠷᠠᠯᠲᠠ ᠶᠢᠨ ᠡᠳᠦᠷ ᠪᠠ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠴᠠᠭ ᠢ ᠵᠥᠷᠢᠭᠦᠯᠦᠨ ᠬᠤᠶᠢᠰᠢᠯᠠᠭᠤᠯᠬᠤ ᠦᠢᠯᠡᠴᠢᠯᠡᠭᠡ ᠨᠢ ᠬᠡᠪ ᠤᠨ ᠶᠣᠰᠣᠭᠠᠷ ᠮᠦᠽᠧᠶ ᠨᠡᠭᠡᠭᠡᠬᠦ ᠪᠠ ᠤᠷᠢᠳᠴᠢᠯᠠᠨ ᠪᠣᠯᠵᠣᠵᠤ ᠨᠡᠭᠡᠭᠡᠯᠲᠡ ᠬᠢᠬᠦ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠨ᠎ᠠ᠃ᠳᠣᠯᠤᠭ᠎ᠠ᠂ ᠴᠠᠭ ᠢ ᠵᠥᠷᠢᠭᠦᠯᠦᠨ ᠬᠤᠶᠢᠰᠢᠯᠠᠭᠤᠯᠬᠤ ᠠᠵᠢᠯᠲᠠᠨ ᠤ ᠲᠣᠬᠢᠷᠠᠭᠤᠯᠤᠯᠲᠠ     1. ᠠᠵᠢᠯᠯᠠᠬᠤ ᠡᠳᠦᠷ ᠴᠠᠭ ᠢ ᠵᠥᠷᠢᠭᠦᠯᠦᠨ ᠴᠠᠭ ᠢ ᠤᠷᠲᠤᠳᠬᠠᠬᠤ ᠦᠢᠯᠡᠴᠢᠯᠡᠭᠡᠨ ᠤ ᠴᠠᠭ᠄ ᠭᠤᠤᠯᠳᠠᠭᠤ ᠤᠷᠢᠵᠤ ᠬᠡᠷᠡᠭᠯᠡᠬᠦ ᠬᠥᠮᠦᠰ ᠢ ᠠᠵᠢᠯᠯᠠᠭᠤᠯᠵᠤ᠂ ᠡᠳᠦᠷ ᠪᠦᠷᠢ ᠨᠢᠭᠡ ᠬᠥᠮᠦᠨ ᠲᠣᠬᠢᠷᠠᠭᠤᠯᠵᠤ ᠠᠵᠢᠯ ᠳᠤ ᠰᠠᠭᠤᠯᠭᠠᠬᠤ ᠳᠦᠷᠢᠮ ᠢ ᠬᠡᠷᠡᠭᠵᠢᠭᠦᠯᠦᠨ᠎ᠡ᠃   2. ᠬᠤᠤᠰ ᠠᠮᠠᠷᠠᠯᠲᠠ ᠶᠢᠨ ᠡᠳᠦᠷ ᠪᠠ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠴᠠᠭ ᠢ ᠵᠥᠷᠢᠭᠦᠯᠦᠨ ᠴᠠᠭ ᠢ ᠤᠷᠲᠤᠳᠬᠠᠬᠤ ᠦᠢᠯᠡᠴᠢᠯᠡᠭᠡᠨ ᠤ ᠴᠠᠭ᠄ ᠣᠷᠣᠨ ᠲᠤᠭ᠎ᠠ ᠪᠠ ᠤᠷᠢᠵᠤ ᠬᠡᠷᠡᠭᠯᠡᠬᠦ ᠬᠥᠮᠦᠰ ᠢ ᠡᠭᠡᠯᠵᠢᠯᠡᠨ ᠠᠵᠢᠯᠯᠠᠭᠤᠯᠤᠨ᠎ᠠ᠃ ︵ᠡᠳᠦᠷ ᠲᠤᠲᠤᠮ ᠤᠨ ᠨᠡᠭᠡᠭᠡᠯᠲᠡ ᠶᠢ ᠰᠣᠶᠣᠯ ᠤᠨ ᠥᠷᠲᠡᠭᠡᠨ ᠤ ᠠᠵᠢᠯᠲᠠᠨ᠂ ᠰᠣᠶᠣᠯ ᠤᠨ ᠬᠠᠪᠰᠤᠷᠤᠨ ᠬᠠᠮᠢᠶᠠᠷᠤᠭᠴᠢ ᠠᠴᠠ ᠬᠠᠷᠢᠭᠤᠴᠠᠨ᠎ᠠ︔ ᠬᠤᠤᠰ ᠠᠮᠠᠷᠠᠯᠲᠠ ᠶᠢᠨ ᠡᠳᠦᠷ ᠪᠣᠯᠤᠨ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠭᠠᠷᠠᠭ ᠤᠨ ᠰᠡᠭᠦᠯᠴᠢ ᠶᠢᠨ ᠨᠡᠭᠡᠭᠡᠯᠲᠡ ᠲᠠᠢ ᠪᠣᠯ ᠵᠢᠵᠢᠭᠦᠷ ᠲᠣᠬᠢᠷᠠᠭᠤᠯᠬᠤ ᠬᠦᠰᠦᠨᠦᠭᠲᠦ ᠲᠠᠢ ᠤᠶᠠᠯᠳᠤᠭᠤᠯᠵᠤ ᠬᠠᠮᠲᠤ ᠳᠤᠨᠢ ᠬᠠᠷᠠᠭᠠᠯᠵᠠᠵᠤ ᠪᠣᠯᠤᠨ᠎ᠠ᠃ ᠡᠭᠦᠨ ᠤ ᠬᠠᠮᠲᠤ᠂ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠲᠠᠨ ᠢ ᠡᠯᠰᠡᠵᠦ᠂ ᠠᠵᠢᠯᠲᠠᠨ ᠪᠠ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠬᠠᠤᠯᠢ ᠶᠣᠰᠣᠨ ᠤ ᠠᠮᠠᠷᠠᠬᠤ ᠴᠠᠭ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠪᠠ᠃︶
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号