ᠵᠧᠵᠢᠶᠠᠩ ᠮᠤᠵᠢ ᠶᠢᠨ ᠴᠠᠬᠢᠯᠭᠠᠨ ᠬᠦᠴᠦᠨ ᠤ ᠠᠵᠢᠯ ᠲᠦᠷᠦᠯ ᠤᠨ ᠨᠡᠶᠢᠭᠡᠮᠯᠢᠭ ᠤᠨ ᠰᠢᠨᠵᠢᠯᠡᠨ ᠪᠠᠶᠢᠴᠠᠭᠠᠬᠤ ᠪᠦᠯᠬᠦᠮ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠢᠷᠡᠵᠦ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠰᠦᠪᠡᠭᠴᠢᠯᠡᠪᠡ
ᠨᠡᠶᠢᠲᠡᠯᠡᠭᠰᠡᠨ ᠴᠠᠭ᠄
2024/8/30
     ᠣᠶᠢᠷ᠎ᠠ ᠳᠤ᠂ ᠵᠧᠵᠢᠶᠠᠩ ᠮᠤᠵᠢ ᠶᠢᠨ ᠴᠠᠬᠢᠯᠭᠠᠨ ᠮᠠᠰᠢᠨ ᠤ ᠠᠵᠢᠯ ᠲᠥᠷᠥᠯ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠸᠠᠩ ᠵᠢᠶᠠᠨ ᠴᠢᠶᠣᠤ ᠨᠠᠷ 13 ᠬᠥᠮᠦᠨ ᠪᠤᠭᠤᠲᠤ ᠬᠤᠲᠠ ᠳᠤ ᠭᠤᠷᠪᠠᠨ ᠡᠳᠦᠷ ᠤᠨ ᠬᠤᠭᠤᠴᠠᠭ᠎ᠠ ᠲᠠᠢ ᠭᠦᠨᠵᠡᠭᠡᠶ ᠰᠢᠨᠵᠢᠯᠡᠨ ᠪᠠᠶᠢᠴᠠᠭᠠᠯᠲᠠ ᠬᠢᠪᠠ᠃ ᠡᠨᠡ ᠬᠤᠭᠤᠴᠠᠭᠠᠨ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠵᠢᠴᠢ ᠶᠢᠨ ᠯᠢ ᠶᠦᠩ ᠰᠣᠷᠢᠨᠵᠢᠨ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠶᠢᠩ ᠰᠧ ᠲᠧ ᠬᠤᠪᠣᠷ ᠰᠢᠷᠣᠶ ᠶᠢᠨ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠣᠯᠠᠨ ᠲᠥᠯᠥᠭᠡᠯᠡᠬᠦ ᠴᠢᠨᠠᠷᠲᠠᠶ ᠬᠤᠪᠣᠷ ᠰᠢᠷᠣᠶ ᠶᠢᠨ ᠠᠵᠤ ᠠᠬᠤᠶᠢᠯᠠᠯ ᠢ ᠭᠤᠤᠯᠳᠠᠯᠭ᠎ᠠ ᠲᠠᠢ ᠲᠣᠭᠤᠷᠢᠨ ᠦᠵᠡᠭᠰᠡᠨ ᠪᠥᠭᠡᠳ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠣᠯᠤᠨ ᠠᠵᠤ ᠦᠢᠯᠡᠰ ᠤᠨ ᠠᠯᠤᠰ ᠢᠷᠡᠭᠡᠳᠦᠶ ᠳᠤ ᠳᠡᠭᠡᠳᠦ ᠬᠡᠮᠵᠢᠶᠡᠨ ᠤ ᠦᠨᠡᠯᠡᠯᠲᠡ ᠬᠢᠵᠡᠶ᠃ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠪᠥᠬᠦ ᠤᠯᠤᠰ ᠤᠨ ᠴᠤᠷ ᠤᠨ ᠭᠠᠭᠴᠠ ᠬᠤᠪᠣᠷ ᠰᠢᠷᠣᠶ ᠶᠢᠨ ᠬᠤᠪᠢ ᠪᠠᠷ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠨᠡᠷᠡᠶᠢᠳᠦᠭᠰᠡᠨ ᠤ ᠬᠤᠪᠢ ᠳᠤ᠂ ᠲᠡᠭᠦᠨ ᠤ ᠬᠤᠳᠠᠯᠳᠤᠭ᠎ᠠ ᠡᠷᠭᠢᠯᠡᠬᠦ ᠳᠠᠪᠠᠭᠤᠯᠢᠭ ᠣᠷᠴᠢᠨ ᠨᠥᠬᠦᠴᠡᠯ ᠪᠠ ᠲᠣᠪᠤᠶᠢᠮ᠎ᠠ ᠬᠥᠭᠵᠢᠯᠲᠡ ᠶᠢᠨ ᠳᠠᠪᠠᠭᠤᠯᠢᠭ ᠨᠢ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠵᠡᠷᠭᠡ ᠬᠤᠪᠣᠷ ᠰᠢᠷᠣᠶ ᠶᠢᠨ ᠬᠡᠷᠡᠭᠯᠡᠭᠡᠨ ᠤ ᠠᠵᠤ ᠠᠬᠤᠶᠢᠯᠠᠯ ᠳᠤ ᠬᠦᠴᠦᠷᠬᠡᠭ ᠶᠡᠭᠡ ᠲᠠᠲᠠᠬᠤ ᠬᠦᠴᠦᠨ ᠲᠠᠢ ᠶᠤᠮ᠃ ᠸᠠᠩ ᠵᠢᠶᠠᠨ ᠴᠢᠶᠣᠤ ᠰᠢᠨᠵᠢᠯᠡᠨ ᠪᠠᠶᠢᠴᠠᠭᠠᠬᠤ ᠳᠠᠭᠠᠨ ᠢᠯᠡᠷᠬᠡᠶᠢᠯᠡᠬᠦ ᠳᠡᠭᠡᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠬᠤᠪᠣᠷ ᠰᠢᠷᠣᠶ ᠶᠢᠨ ᠡᠬᠢ ᠪᠠᠶᠠᠯᠢᠭ ᠲᠤ ᠲᠦᠰᠢᠭᠯᠡᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠣᠷᠣᠨ ᠤ ᠳᠣᠲᠣᠷᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠬᠤᠷᠠᠨ ᠴᠤᠭᠯᠠᠷᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠢᠶᠠᠷ ᠴᠢᠩᠭ᠎ᠠ ᠪᠠᠶᠢᠵᠤ᠂ ᠨᠢᠭᠡᠨᠲᠡ ᠬᠤᠪᠣᠷ ᠰᠢᠷᠣᠶ᠂ ᠬᠡᠷᠡᠯ ᠴᠡᠨᠡᠭ᠂ ᠲᠡᠮᠦᠷᠯᠢᠭ ᠵᠢᠴᠢ ᠲᠣᠨᠤᠭ ᠲᠥᠬᠦᠭᠡᠷᠦᠮᠵᠢ ᠦᠶ᠋ᠯᠡᠳᠬᠦ ᠵᠡᠷᠭᠡ ᠠᠵᠤ ᠦᠢᠯᠡᠰ ᠤᠨ ᠪᠦᠯᠦᠭᠵᠢᠯ ᠢ ᠪᠦᠷᠢᠯᠳᠦᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠲᠡᠭᠦᠯᠳᠡᠷᠵᠢᠭᠦᠯᠪᠡ᠃ ᠨᠡᠶᠢᠭᠡᠮᠯᠢᠭ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠨᠡᠩ ᠤᠯᠠᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠰᠢᠨᠵᠢᠯᠡᠨ ᠪᠠᠶᠢᠴᠠᠭᠠᠬᠤ ᠶᠢ ᠠᠬᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠪᠤᠭᠤᠲᠤ ᠳᠠᠬᠢ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤ ᠪᠠᠷ ᠰᠦᠪᠡᠭᠴᠢᠯᠡᠨ᠎ᠡ᠃ ᠰᠢᠨᠵᠢᠯᠡᠨ ᠪᠠᠶᠢᠴᠠᠭᠠᠬᠤ ᠭᠦᠨᠵᠡᠭᠡᠶᠢᠷᠡᠬᠦ ᠶᠢ ᠳᠠᠭᠠᠯᠳᠤᠨ᠂ ᠣᠯᠠᠨ ᠠᠵᠤ ᠠᠬᠤᠶᠢᠯᠠᠯ ᠠᠩᠬ᠎ᠠ ᠠᠯᠬᠤᠮ ᠪᠡᠯᠡ ᠣᠷᠣᠭᠤᠯᠬᠤ ᠰᠠᠨᠠᠭ᠎ᠠ ᠪᠠᠨ ᠢᠯᠡᠳᠬᠡᠵᠡᠢ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠴᠠᠭ ᠲᠤᠬᠠᠢ ᠳᠤ ᠨᠢ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠤᠯᠭ᠎ᠠ ᠶᠢ ᠤᠷᠢᠵᠤ ᠪᠦᠯᠬᠦᠮ ᠳᠠᠭᠠᠭᠤᠯᠤᠨ ᠬᠠᠷᠢᠭᠤ ᠰᠤᠷᠪᠤᠯᠵᠢᠯᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠡᠷᠲᠡᠬᠡᠨ ᠪᠡᠶᠡᠯᠡᠭᠳᠡᠬᠦ ᠶᠢ ᠠᠬᠢᠭᠤᠯᠤᠨ᠎ᠠ ᠭᠡᠵᠦ ᠢᠯᠡᠳᠬᠡᠪᠡ᠃ ᠲᠣᠰ ᠤᠳᠠᠭᠠᠨ ᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠨᠢ ᠵᠧᠵᠢᠶᠠᠩ ᠮᠤᠵᠢ ᠶᠢᠨ ᠴᠠᠬᠢᠯᠭᠠᠨ ᠬᠥᠳᠡᠯᠭᠡᠭᠦᠷ ᠤᠨ ᠠᠵᠢᠯ ᠲᠥᠷᠥᠯ ᠪᠣᠯᠤᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠶᠢᠯᠠᠭᠠᠯᠴᠠᠭ᠎ᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠬᠤᠶᠠᠷ ᠲᠠᠯ᠎ᠠ ᠶᠢᠨ ᠢᠷᠡᠭᠡᠳᠦᠶ ᠶᠢᠨ ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠡᠭᠡᠭᠡᠯᠲᠡᠲᠦ ᠬᠠᠮᠲᠤᠷᠠᠯᠴᠠᠭ᠎ᠠ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠡᠯ᠎ᠡ ᠬᠤᠪᠣᠷ ᠰᠢᠷᠣᠶ ᠶᠢᠨ ᠠᠵᠤ ᠠᠬᠤᠶᠢᠯᠠᠯ ᠲᠠᠢ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠤᠪᠣᠷ ᠰᠢᠷᠣᠶ ᠶᠢᠨ ᠠᠵᠤ ᠦᠢᠯᠡᠰ ᠤᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠨ᠎ᠠ ᠭᠡᠵᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号