【 ᠨᠠᠮ ᠤᠨ ᠠᠵᠢᠯ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠪᠠ · ᠡᠯ᠎ᠡ ᠰᠠᠯᠠᠭ᠎ᠠ ᠮᠥᠴᠢᠷ ᠠᠵᠢᠯᠯᠠᠵᠤ ᠪᠠᠶᠢᠨ᠎ᠠ 】 ᠳᠡᠭᠡᠳᠦ ᠰᠢᠨ᠎ᠡ ᠮᠡᠷᠭᠡᠵᠢᠯ ᠤᠨ ᠣᠷᠣᠨ ︽ᠵᠡᠮᠳᠡᠭᠴᠦᠳ ᠢ ᠥᠨᠳᠥᠷ ᠪᠦᠲᠦᠮᠵᠢᠲᠡᠶ ᠪᠠᠷ ᠬᠦᠢᠴᠡᠳᠬᠡᠬᠦ︾ ᠵᠠᠭᠪᠤᠷ ᠢ ᠡᠬᠢᠯᠡᠭᠦᠯᠪᠡ
ᠨᠡᠶᠢᠲᠡᠯᠡᠭᠰᠡᠨ ᠴᠠᠭ᠄
2024/8/30
      ᠠᠵᠤ ᠠᠬᠤᠶᠢᠯᠠᠯ ᠣᠯᠠᠨ ᠲᠦᠮᠡᠨ ᠤ ︽ᠰᠡᠳᠬᠢᠯ ᠤᠨ ᠶᠠᠪᠤᠳᠠᠯ᠂ ᠳᠡᠷᠭᠡᠳᠡᠬᠢ ᠶᠠᠪᠤᠳᠠᠯ᠂ ᠵᠠᠩᠭᠢᠯᠠᠭ᠎ᠠ ᠶᠢᠨ ᠶᠠᠪᠤᠳᠠᠯ︾ ᠢ ᠬᠦᠴᠦᠯᠡᠨ ᠰᠢᠢᠳᠪᠦᠷᠢᠯᠡᠬᠦ ᠶᠢᠨ ᠲᠥᠯᠥᠭᠡ᠂ ᠥᠨᠳᠥᠷ ᠪᠦᠲᠦᠮᠵᠢᠲᠡᠶ ᠪᠠᠷ ᠬᠢᠵᠦ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠲᠥᠪ ︽ᠵᠡᠮᠳᠡᠭᠴᠦᠳ  ᠲᠤ ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠪᠦᠲᠦᠭᠡᠵᠦ ᠥᠭᠬᠦ︾ ᠲᠤᠬᠠᠶ ᠭᠦᠨᠵᠡᠭᠡᠶ ᠰᠦᠪᠡᠭᠴᠢᠯᠡᠯᠲᠡ ᠬᠢᠵᠦ᠂ ᠲᠣᠰ ᠭᠤᠤᠯ ᠰᠡᠳᠦᠪᠲᠦ ᠰᠢᠯᠭᠠᠯᠲᠠ ᠪᠠ ᠲᠤᠷᠰᠢᠨ ᠠᠵᠢᠯᠯᠠᠭᠤᠯᠬᠤ ᠶᠢ ᠨᠢᠭᠡᠨᠲᠡ ᠪᠡᠶᠡᠯᠡᠭᠦᠯᠪᠡ᠃ ᠡᠭᠦᠨ ᠤ ᠬᠠᠮᠲᠤ 8 ᠰᠠᠷ᠎ᠠ ᠶᠢᠨ 26 ᠤ ᠡᠳᠦᠷ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠵᠡᠮᠳᠡᠭᠴᠦᠳ ᠤᠨ ᠬᠤᠯᠪᠣᠭ᠎ᠠ ᠲᠠᠢ ᠬᠠᠮᠲᠤᠷᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠠᠮᠢᠶ᠎ᠠ ᠪᠥᠬᠦᠶ ᠴᠣᠩᠬᠤᠪᠴᠢ ᠶᠢᠨ ᠠᠵᠢᠯᠲᠠᠨ ᠳᠤ ︽ᠵᠡᠮᠳᠡᠭᠴᠦᠳ ᠲᠤ ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠪᠦᠲᠦᠭᠡᠵᠦ ᠥᠭᠬᠦ︾ ᠲᠤᠬᠠᠶ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠪᠣᠯᠪᠠᠰᠤᠷᠠᠭᠤᠯᠤᠯ ᠤᠨ ᠠᠵᠢᠯ ᠬᠢᠵᠦ᠂ ᠠᠵᠢᠯᠲᠠᠳ ᠲᠤ ᠲᠥᠷᠥ ᠶᠢᠨ ᠪᠣᠳᠣᠯᠭ᠎ᠠ ᠶᠢ ᠭᠦᠨᠵᠡᠭᠡᠶ ᠣᠶᠢᠯᠠᠭᠠᠭᠤᠯᠵᠤ᠂ ᠲᠠᠪᠴᠠᠩ ᠤᠨ ᠬᠡᠷᠡᠭᠯᠡᠯᠲᠡ ᠶᠢ  ᠡᠵᠡᠮᠰᠢᠬᠦ ᠶᠢ ᠱᠠᠭᠠᠷᠳᠠᠵᠠᠢ᠃ ᠬᠤᠶᠢᠰᠢᠳᠠ ᠣᠯᠠᠨ ᠲᠦᠮᠡᠨ ᠮᠥᠩᠬᠡ ᠰᠤᠪᠠᠭ ᠤᠨ APP᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠴᠣᠩᠬᠤᠪᠴᠢ ᠪᠠᠷ ᠳᠠᠮᠵᠢᠭᠤᠯᠤᠨ ᠵᠡᠮᠳᠡᠭᠴᠦᠳ ᠤᠨ ᠦᠢᠯᠡᠴᠢᠯᠡᠭᠡᠨ ᠤ ᠵᠦᠢᠯᠡᠰ ᠢ ᠭᠤᠶᠤᠴᠢᠯᠠᠨ ᠰᠢᠢᠳᠪᠦᠷᠢᠯᠡᠵᠦ ᠪᠣᠯᠤᠨ᠎ᠠ᠂ ᠭᠤᠶᠤᠴᠢᠯᠠᠨ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ ᠪᠠᠰᠠ ᠲᠦᠷᠭᠡᠨ ᠬᠦᠷᠭᠡᠯᠲᠡ ᠶᠢᠨ ᠰᠢᠤᠳᠠᠨ ᠢᠶᠠᠷ ᠢᠯᠡᠭᠡᠬᠦ ᠦᠢᠯᠡᠴᠢᠯᠡᠭᠡ ᠭᠤᠶᠤᠴᠢᠯᠠᠵᠤ ᠪᠣᠯᠤᠨ᠎ᠠ᠂ ᠵᠡᠮᠳᠡᠭᠴᠦᠳ ᠤᠨ ᠬᠠᠮᠲᠤᠯᠢᠭ ᠲᠤ ᠲᠦᠢᠯ ᠤᠨ ᠶᠡᠭᠡ ᠲᠥᠬᠦᠮ ᠦᠵᠡᠭᠦᠯᠵᠦ᠂ ᠠᠵᠢᠯ ᠶᠠᠪᠤᠳᠠᠯ ᠭᠦᠢᠴᠡᠳᠭᠡᠬᠦ ᠴᠠᠭ ᠪᠠ ᠭᠦᠶᠦᠬᠦ  ᠤᠳᠠᠭ᠎ᠠ ᠶᠢ ᠪᠠᠭᠠᠰᠬᠠᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠭᠡᠬᠦ︾ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠪᠣᠳᠠᠲᠠᠶ ᠦᠷ᠎ᠡ ᠪᠦᠲᠦᠮᠵᠢ  ᠭᠠᠷᠭᠠᠵᠠᠢ᠃      ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠥᠭᠡᠷᠡᠴᠢᠯᠡᠯᠲᠡ ᠪᠣᠯ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠃ ᠲᠠᠷᠠᠭᠠᠴᠢ ᠶᠢᠨ ᠠᠯᠬᠤᠮ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠠᠵᠤ ᠠᠬᠤᠶᠢᠯᠠᠯ ᠣᠯᠠᠨ ᠲᠦᠮᠡᠨ ᠤ ᠬᠠᠷᠠᠭᠠᠰᠤ ᠪᠤᠯᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠡᠷᠢᠭᠦᠨ ᠤ ᠬᠢ ᠲᠠᠢ ᠬᠠᠷᠭᠤᠭᠤᠯᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠩᠬᠠᠷᠴᠤ᠂ ︽ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶ ᠠᠬᠢᠭᠤᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号