【 ᠨᠠᠮ ᠤᠨ ᠠᠵᠢᠯ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠪᠠ · ᠡᠯ᠎ᠡ ᠰᠠᠯᠠᠭ᠎ᠠ ᠮᠥᠴᠢᠷ ᠠᠵᠢᠯᠯᠠᠵᠤ ᠪᠠᠶᠢᠨ᠎ᠠ 】 ᠳᠠᠷᠠᠭᠠᠴᠢ ᠶᠢᠨ ᠦᠷᠳᠡᠭᠡ —︽ᠳᠡᠭᠡᠳᠦ ᠰᠢᠨ᠎ᠡ ᠮᠡᠷᠭᠡᠵᠢᠯ ‍ᠤᠨ‌ᠤᠷᠤᠨ  ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ︾︕
ᠨᠡᠶᠢᠲᠡᠯᠡᠭᠰᠡᠨ ᠴᠠᠭ᠄
2024/8/30
     ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ᠂ ᠳᠡᠭᠡᠳᠦ ᠰᠢᠨ᠎ᠡ ᠮᠡᠷᠭᠡᠵᠢᠯ ᠤᠨ ᠣᠷᠣᠨ ᠳᠠᠬᠢᠨᠲᠠ ᠪᠣᠳᠠᠲᠤ ᠠᠵᠢᠯᠯᠠᠭ᠎ᠠ ᠪᠠᠷ ᠢᠶᠠᠨ ᠵᠢᠩᠬᠢᠨᠢ ᠠᠯᠪᠠᠨ ᠤ ᠴᠡᠷᠢᠭ᠂ ᠴᠡᠷᠢᠭ ᠠᠴᠠ ᠬᠠᠯᠠᠭᠳᠠᠭᠰᠠᠳ ᠵᠢᠴᠢ ︽ᠭᠤᠷᠪᠠᠨ ᠭᠡᠷ ᠪᠦᠯᠢ︾ ᠳᠤ ᠴᠢᠩ ᠰᠡᠳᠬᠢᠯ ᠤᠨ ᠬᠦᠨᠳᠦᠳᠬᠡᠯ ᠢᠶᠠᠨ ᠳᠡᠪᠰᠢᠭᠦᠯᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠰᠠᠶᠢᠨ ᠰᠠᠶᠢᠬᠠᠨ ᠰᠤᠷᠲᠠᠯ ᠢ ᠪᠠᠳᠠᠷᠠᠭᠤᠯᠤᠨ ᠳᠡᠯᠭᠡᠷᠡᠭᠦᠯᠪᠡ᠃ ᠣᠶᠢᠷ᠎ᠠ ᠳᠤ᠂ ᠤᠤᠯ ᠤᠨ 43 ᠵᠠᠮ᠂ 56 ᠵᠠᠮ ᠤᠨ ᠨᠡᠶᠢᠲᠡ ᠶᠢᠨ ᠮᠠᠰᠢᠨ ᠲᠡᠷᠭᠡᠨ ᠤ ︽ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ︾ ᠤᠨ ᠥᠷᠲᠡᠭᠡ ᠴᠡᠭ ᠢ ︽ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ︾ ᠭᠡᠵᠦ  ᠬᠠᠯᠠᠪᠠ᠂ ᠡᠨᠡᠬᠦ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠨᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠶᠠᠷ ᠢ ᠬᠦᠷᠢᠶᠡᠯᠡᠬᠦ ᠠᠵᠢᠯ ᠢ ᠦᠷᠭᠦᠯᠵᠢᠯᠡᠨ ᠠᠬᠢᠭᠤᠯᠵᠤ ᠪᠠᠶᠢᠭ᠎ᠠ ᠪᠠᠲᠤ ᠪᠠᠬᠢ ᠨᠢᠭᠡ ᠠᠯᠬᠤᠮ ᠢ ᠪᠤᠯᠤᠨ᠎ᠠ︕     ᠣᠯᠠᠨ ᠤᠳᠠᠭ᠎ᠠ ᠠᠬᠤᠢ ᠲᠠᠯᠠᠪᠠᠢ ᠶᠢᠨ ᠬᠠᠶᠢᠨ ᠪᠠᠶᠢᠴᠠᠭᠠᠯᠲᠠ ᠪᠠ ᠨᠠᠷᠢᠨ ᠨᠢᠮᠪᠠᠢ ᠲᠥᠯᠥᠪᠯᠡᠬᠦ ᠪᠠᠷ ᠳᠠᠮᠵᠢᠨ᠂ ᠳᠡᠭᠡᠳᠦ  ᠰᠢᠨ᠎ᠡ ᠮᠡᠷᠭᠡᠵᠢᠯ ᠤᠨ ᠣᠷᠣᠨ ᠤ ᠴᠡᠷᠢᠭ ᠡᠴᠠ‌ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠨᠢ ᠪᠤᠭᠤᠲᠤ ᠬᠤᠲᠠ ᠶᠢᠨ ᠨᠡᠢᠲᠡ ᠶᠢᠨ ᠵᠠᠮ ᠬᠠᠷᠢᠯᠴᠠᠭᠠᠨ ᠤ ᠪᠦᠯᠦᠭᠯᠡᠯ ᠲᠠᠢ ᠢᠳᠡᠪᠬᠢᠲᠡᠢ ᠵᠥᠪᠳᠡᠯᠴᠡ ᠪᠠᠷ ᠳᠠᠮᠵᠢᠨ᠂ ᠬᠠᠮᠤᠭ ᠡᠴᠦᠰ ᠲᠤ ᠡᠨᠡ ᠬᠦ ᠠᠯᠤᠰ ᠬᠡᠳᠦ ᠶᠢᠨ ᠠᠴᠢ ᠬᠤᠯᠪᠣᠭᠳᠠᠯ ᠲᠠᠢ ᠥᠷᠲᠡᠭᠡ ᠴᠡᠭ ᠢ ᠬᠤᠪᠢᠷᠠᠭᠤᠯᠬᠤ ᠲᠥᠰᠦᠯ ᠢ ᠲᠣᠭᠲᠠᠭᠠᠪᠠ᠃ ᠨᠡᠷ᠎ᠡ ᠪᠠᠨ ᠬᠠᠯᠠᠭᠰᠠᠨ ᠤ ᠳᠠᠷᠠᠭᠠᠬᠢ ᠥᠷᠲᠡᠭᠡ ᠴᠡᠭ ᠤᠳ ᠴᠡᠷᠢᠭ ᠤᠨ ᠠᠯᠪᠠᠨ ᠠᠴᠠ ᠬᠠᠯᠠᠭᠳᠠᠭᠰᠠᠳ ᠵᠢᠴᠢ ᠬᠤᠯᠪᠣᠭᠳᠠᠯ ᠪᠦᠬᠦᠢ ᠬᠥᠮᠦᠰ ᠤᠨ ᠶᠠᠪᠤᠵᠤ ᠰᠠᠭᠤᠬᠤ ᠪᠠ ᠤᠴᠢᠷ ᠶᠠᠪᠤᠳᠠᠯ ᠰᠢᠢᠳᠪᠦᠷᠢᠯᠡᠬᠦ ᠳᠤ ᠲᠦᠬᠦᠮ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠲᠣᠳᠣᠷᠬᠠᠢ ᠥᠷᠲᠡᠭᠡᠨ ᠨᠡᠷ᠎ᠡ ᠪᠠᠷ ᠳᠠᠮᠵᠢᠭᠤᠯᠤᠨ᠂ ᠤᠯᠠᠨ ᠨᠡᠶᠢᠲᠡ ᠶᠢᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠢ ᠠᠩᠬᠠᠷᠬᠤ ᠬᠡᠮᠵᠢᠶ᠎ᠡ ᠶᠢ ᠳᠡᠭᠡᠭᠰᠢᠯᠡᠭᠦᠯᠵᠦ᠂ ᠴᠡᠷᠢᠭ  ᠬᠥᠮᠦᠨ ᠤ ᠬᠤᠪᠢ ᠨᠡᠮᠡᠷᠢ ᠪᠠᠨ ᠦᠵᠡᠭᠦᠯᠬᠦ ᠨᠡᠶᠢᠭᠡᠮ ᠤᠨ ᠳᠡᠭᠡᠳᠦ ᠬᠡᠮᠵᠢᠶᠡᠨ ᠤ ᠵᠥᠪᠰᠢᠶᠡᠷᠡᠯ ᠪᠠ ᠬᠦᠨᠳᠦᠳᠬᠡᠯ ᠢ ᠳᠠᠮᠵᠢᠭᠤᠯᠤᠭᠰᠠᠨ ᠪᠠᠶᠢᠨ᠎ᠠ᠃ ᠡᠨᠡ ᠨᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷᠲᠤ ᠰᠡᠳᠬᠢᠯᠭᠡ ᠪᠣᠯᠤᠨ ᠣᠮᠤᠭ ᠪᠠᠭ᠋ᠠᠳᠤᠯᠲᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠲᠡᠳᠡᠨ ᠤ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠬᠠᠯᠠᠭᠤᠨ ᠰᠡᠳᠬᠢᠯᠭᠡ ᠶᠢ ᠬᠥᠭᠵᠢᠭᠡᠬᠦ ᠳᠤ ᠠᠰᠢᠭᠲᠠᠶ ᠶᠤᠮ᠃     ᠲᠣᠰ ᠤᠳᠠᠭᠠᠨ ᠤ ᠥᠷᠲᠡᠭᠡ ᠶᠢᠨ ᠨᠡᠷ᠎ᠡ ᠶᠢ ᠬᠠᠯᠠᠭᠰᠠᠨ ᠨᠢ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠬᠤᠶᠠᠷ ᠢ ᠬᠦᠷᠢᠶᠡᠯᠡᠬᠦ ᠠᠵᠢᠯ ᠤᠨ ᠨᠢᠭᠡᠨ ᠪᠣᠳᠠᠲᠠᠶ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠥᠬᠡᠶ᠂ ᠨᠠᠩ ᠴᠤ ᠪᠥᠬᠦ ᠨᠡᠶᠢᠭᠡᠮ ᠢᠶᠠᠷ ᠢᠶᠠᠨ ᠴᠡᠷᠢᠭ ᠬᠥᠮᠦᠨ ᠢ ᠬᠠᠮᠲᠤᠪᠠᠷ ᠬᠠᠯᠠᠮᠵᠢᠯᠠᠨ ᠬᠠᠶᠢᠷᠠᠯᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠳᠡᠮᠵᠢᠵᠦ᠂ ᠡᠶ᠎ᠡ ᠵᠣᠬᠢᠴᠠᠯ ᠢ ᠬᠠᠮᠲᠤ ᠪᠠᠷ ᠴᠣᠭᠴᠠᠯᠠᠭᠰᠠᠨ ᠰᠠᠶᠢᠨ ᠰᠠᠶᠢᠬᠠᠨ ᠢᠯᠡᠷᠡᠯ ᠪᠣᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠥᠬᠡᠶ ᠰᠦᠪᠡᠭᠴᠢᠯᠡᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号