ᠪᠤᠭᠤᠲᠤ ᠶᠢᠨ ᠬᠤᠸᠠ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠤᠨ ᠭᠠᠷᠤᠯᠲᠠ 2 ᠲᠦᠮᠡᠨ ᠲᠣᠨ | ᠥᠨᠳᠥᠷ ᠴᠢᠳᠠᠪᠬᠢᠲᠤ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠲᠥᠷᠥᠯ ᠵᠦᠢᠯ ᠤᠨ ᠡᠵᠡᠯᠡᠬᠦ | ᠲᠠᠯᠠᠪᠠᠶ ᠨᠢ ᠪᠠᠷᠤᠭ 140 ᠮᠥ ᠪᠠᠶᠢᠵᠤ᠂ ᠪᠠᠷᠢᠯᠭ᠎ᠠ ᠶᠢᠨ ᠲᠠᠯᠠᠪᠠᠶ ᠨᠢ ᠪᠠᠷᠤᠭ 6 ᠲᠦᠮᠡᠨ ᠲᠡᠭᠰᠢ ᠳᠥᠷᠪᠡᠯᠵᠢᠨ | ᠮᠧᠲᠷ ᠪᠠᠶᠢᠵᠤ᠂ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠤᠨ᠎ᠠ᠃ ᠲᠥᠷᠥᠯ | ᠵᠦᠢᠯ ᠤᠨ ᠨᠢᠭᠡᠳᠦᠭᠡᠷ ᠬᠤᠭᠤᠴᠠᠭᠠᠨ ᠤ ᠶᠡᠷᠦᠩᠬᠡᠶ ᠪᠠᠯᠠ ᠣᠷᠣᠭᠤᠯᠤᠯᠲᠠ ᠨᠢ 4 ᠳ᠋ᠦᠩᠰᠢᠭᠤᠷ ᠲᠥᠭᠦᠷᠢᠭ ᠪᠠᠶᠢᠵᠤ᠂ | ᠵᠢᠱᠢᠯᠲᠡ ᠪᠠᠷ 2025 ᠣᠨ ᠤ 10 ᠰᠠᠷ᠎ᠠ ᠳᠤ ᠰᠠᠭᠤᠷᠢ ᠪᠥᠲᠥᠭᠡᠨ ᠪᠠᠶᠢᠭᠤᠯᠤᠯᠲᠠ ᠵᠢᠴᠢ ᠲᠥᠬᠦᠭᠡᠷᠦᠮᠵᠢ ᠶᠢ | ᠤᠭᠰᠠᠷᠠᠬᠤ ᠶᠢᠨ ᠬᠠᠮᠲᠤ ᠲᠤᠷᠰᠢᠨ ᠦᠢᠯᠡᠳᠪᠦᠷᠢᠯᠡᠵᠦ᠂ ᠵᠢᠯ ᠳᠤ 1 ᠲᠦᠮᠡᠨ ᠲᠣᠨ ᠬᠤᠪᠣᠷ ᠰᠢᠷᠣᠶ ᠶᠢᠨ ᠳᠡᠭᠡᠳᠦ | ᠲᠠᠰ ᠤᠨ ᠰᠣᠷᠢᠨᠵᠢᠨ ᠮᠠᠲ᠋ᠧᠷᠢᠶᠠᠯ ᠢ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠵᠢᠯ ᠤᠨ | ᠪᠣᠷᠣᠯᠠᠭᠤᠯᠤᠯᠲᠠ ᠶᠢᠨ ᠣᠷᠣᠯᠭ᠎ᠠ ᠶᠢ 11.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠤᠨ ᠠᠰᠢᠭ | ᠭᠠᠶᠢᠯᠢ ᠶᠢᠨ ᠶᠡᠷᠦᠩᠬᠡᠶ ᠬᠡᠮᠵᠢᠶ᠎ᠡ ᠶᠢ 9000 ᠲᠦᠮᠡᠨ ᠲᠥᠭᠦᠷᠢᠭ ᠪᠡᠶᠡᠯᠡᠭᠦᠯᠬᠦ ᠪᠣᠯᠤᠨ᠎ᠠ᠃ ᠬᠤᠶᠠᠳᠤᠭᠠᠷ | ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠵᠢᠯ ᠳᠤ 2 ᠲᠦᠮᠡᠨ ᠲᠣᠨ | ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠵᠦ᠂ | ᠵᠢᠱᠢᠯᠲᠡ ᠪᠠᠷ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 30 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠵᠢᠯ ᠤᠨ ᠠᠰᠢᠭ ᠭᠠᠶᠢᠯᠢ ᠶᠢᠨ ᠶᠡᠷᠦᠩᠬᠡᠢ ᠬᠡᠮᠵᠢᠶ᠎ᠡ ᠶᠢ 2 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃ | ᠵᠢᠶᠠᠩᠰᠦ ᠶᠢᠨ ᠬᠤᠸᠠ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠪᠣᠯ A ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠪᠣᠯᠤᠨ᠎ᠠ᠂ ᠳᠤᠮᠳᠠᠳᠤ | ᠤᠯᠤᠰ ᠤᠨ ᠦᠢᠯᠡᠳᠬᠡᠯ ᠤᠨ ᠦᠢᠯᠡᠰ ᠤᠨ 500 ᠬᠦᠴᠦᠷᠬᠡᠭ ᠠᠵᠤ ᠠᠬᠤᠶᠢᠯᠠᠯ ᠪᠣᠯᠤᠨ᠎ᠠ᠂ ᠪᠦᠬᠦ ᠤᠯᠤᠰ ᠤᠨ | ᠬᠠᠮᠤᠭ ᠤᠨ ᠶᠡᠭᠡ ᠨᠸᠣᠳᠢᠮ ᠲᠡᠮᠦᠷ ᠤᠨ ᠬᠠᠶᠠᠭᠳᠠᠮᠠᠯ ᠮᠠᠲ᠋ᠧᠷᠢᠶᠠᠯ ᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ | ᠠᠵᠤ ᠠᠬᠤᠶᠢᠯᠠᠯ ᠪᠣᠯᠤᠨ᠎ᠠ᠃ ᠵᠢᠶᠠᠩᠰᠦ ᠮᠤᠵᠢ ᠶᠢᠨ ᠬᠤᠸᠠ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠲᠠᠮᠠᠯ | ᠰᠣᠷᠢᠨᠵᠢᠨ ᠮᠠᠲ᠋ᠧᠷᠢᠶᠠᠯ ᠤᠨ ᠲᠦᠷᠦᠯ ᠵᠦᠢᠯ ᠪᠤᠭᠤᠲᠤ ᠳᠤ ᠨᠤᠲᠤᠭᠰᠢᠵᠤ᠂ ᠪᠤᠭᠤᠲᠤ ᠶᠢᠨ ︽ᠬᠤᠶᠠᠷ ᠬᠤᠪᠣᠷ | ᠰᠢᠷᠣᠢ ᠶᠢᠨ ᠰᠠᠭᠤᠷᠢᠨ︾ ᠢ ᠪᠦᠳᠦᠭᠡᠨ ᠪᠠᠶᠢᠭᠤᠯᠤᠭᠰᠠᠨ ᠪᠠᠰᠠ ᠨᠢᠭᠡᠨ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ | ᠬᠤᠪᠣᠷ ᠰᠢᠷᠣᠢ ᠶᠢᠨ ᠠᠵᠤ ᠦᠢᠯᠡᠰ ᠤᠨ ᠪᠣᠬᠢᠷᠲᠤᠯ ᠦᠭᠡᠢ ᠡᠷᠬᠢᠯᠳᠡᠳᠦ ᠬᠥᠭᠵᠢᠯᠲᠡ ᠳᠤ ᠰᠢᠨ᠎ᠡ ᠠᠷᠭ᠎ᠠ ᠵᠠᠮ ᠢ | ᠨᠡᠭᠡᠭᠡᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠳᠦᠭᠡᠨ ᠪᠠᠶᠢᠭᠤᠯᠬᠤ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠬᠦ ᠪᠣᠯᠤᠨ᠎ᠠ᠃ | |