ᠰᠣᠷᠪᠣᠯᠵᠢᠯᠠᠨ ᠶᠠᠷᠢᠯᠴᠠᠬᠤ ᠴᠠᠭ᠄ 2024 ᠣᠨ ᠤ 7 ᠳ᠋ᠤᠭᠠᠷ ᠰᠠᠷ᠎ᠠ ᠶᠢᠨ 3 ᠤ ᠡᠳᠦᠷ | ᠤᠷᠢᠭᠳᠠᠭᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠶᠠᠩ ᠭᠤᠸᠠᠩ | ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠳᠡᠳ᠋ ᠡᠷᠬᠢᠯᠡᠭᠴᠢ ᠰᠦᠬᠡ | ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠲᠤᠬᠠᠶᠢᠯᠠᠭᠰᠠᠨ ᠠᠵᠢᠯ ᠤᠨ | ᠬᠥᠭᠵᠢᠯᠲᠡ ᠶᠢᠨ ᠰᠠᠯᠠᠭᠠᠨ ᠤ ᠳᠠᠷᠤᠭ᠎ᠠ ᠵᠠᠩ ᡁᠢ ᠭᠦᠸᠧ | ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠴᠤᠭᠯᠠᠭᠤᠯᠬᠤ ᠪᠠ ᠬᠠᠤᠯᠢ ᠶᠢᠨ | ᠶᠠᠪᠤᠳᠠᠯ ᠤᠨ ᠰᠠᠯᠠᠭᠠᠨ ᠤ ᠳᠠᠷᠤᠭ᠎ᠠ ᠵᠢᠩ ᠰᠢᠶᠤᠤ ᠴᠢᠨ | ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠣᠬᠢᠷᠠᠭᠤᠯᠤᠯᠲᠠ ᠶᠢᠨ ᠲᠥᠪ ᠤᠨ ᠰᠠᠯᠠᠭᠠᠨ ᠳᠠᠷᠤᠭ᠎ᠠ ᠷᠧᠨ ᠫᠢᠩ | ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠵᠠᠰᠠᠭ ᠤᠨ ᠶᠠᠪᠤᠳᠠᠯ ᠤᠨ ᠶᠡᠭᠡ | ᠲᠢᠩᠬᠢᠮ ᠤᠨ ᠰᠦᠯᠵᠢᠶᠡᠨ ᠴᠡᠭ ᠤᠨ ᠬᠠᠷᠢᠭᠤᠴᠠᠯᠭᠠᠲᠠᠨ ᠸᠠᠩ ᠯᠧ | ᠰᠤᠷᠪᠤᠯᠵᠢᠯᠠᠨ ᠶᠠᠷᠢᠯᠴᠠᠬᠤ ᠠᠭᠤᠯᠭ᠎ᠠ ᠶᠢᠨ ᠲᠣᠬᠠᠢ ᠲᠣᠪᠴᠢ ᠲᠠᠨᠢᠯᠴᠠᠭᠤᠯᠭ᠎ᠠ᠄ ᠮᠠᠨ ᠤ ᠬᠤᠲᠠ ᠶᠢᠨ | ᠠᠮᠢᠳᠤᠯᠢᠭ ᠢᠶᠠᠷ ᠠᠵᠢᠯ ᠣᠯᠣᠭᠰᠠᠳ ᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ | ᠥᠷᠭᠡᠳᠭᠡᠬᠦ ᠠᠵᠢᠯ ᠳᠤ ᠣᠷᠣᠯᠴᠠᠬᠤ ᠶᠢ ᠠᠬᠢᠭᠤᠯᠤᠭᠰᠠᠨ ᠪᠠᠶᠢᠳᠠᠯ᠃ | ᠬᠥᠲᠥᠯᠥᠭᠴᠢ᠄ ︽ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ ᠴᠤᠭᠯᠠᠭᠤᠯᠬᠤ ᠬᠥᠮᠦᠨ ᠤ ᠲᠤᠭ᠎ᠠ ᠶᠢ 3 | ᠲᠦᠮᠡ ᠳᠤ ᠬᠦᠷᠭᠡᠨ᠎ᠡ᠃ ᠡᠨᠡ ᠨᠢ ᠡᠨᠡ ᠵᠢᠯ ᠤᠨ ︽ᠠᠷᠠᠳ ᠤᠨ ᠠᠮᠢᠳᠤᠷᠠᠯ ᠤᠨ ᠲᠦᠷᠦᠯ ᠵᠦᠢᠯ ᠤᠨ 40 ᠵᠦᠢᠯ︾ ᠤᠨ | ᠳᠣᠲᠣᠷᠠᠬᠢ ᠵᠢᠷᠭᠤᠳᠤᠭᠠᠷ ᠵᠦᠢᠯ ᠪᠣᠯᠤᠨ᠎ᠠ᠂ ᠣᠳᠣᠬᠠᠨ ᠳᠤ ᠪᠣᠯᠲᠠᠯ᠎ᠠ ᠮᠠᠨ ᠤ ᠡᠨᠡ ᠬᠦ ᠠᠵᠢᠯ ᠤᠨ ᠠᠬᠢᠯᠲᠠ ᠶᠢᠨ ᠪᠠᠶᠢᠳᠠᠯ | ᠶᠠᠮᠠᠷ ᠪᠠᠶᠢᠬᠤ ᠪᠣᠢ︖ | ᠰᠣᠷᠪᠤᠯᠵᠢᠯᠠᠭᠳᠠᠭᠴᠢ ᠶᠠᠩ ᠭᠤᠸᠠᠩ᠄ ᠴᠢᠷᠮᠠᠶᠢᠯᠭ᠎ᠠ ᠪᠠᠷ ᠳᠡᠮᠵᠢᠨ᠂ 2023 ᠣᠨ ᠤ 4 ᠳ᠋ᠦ᠋ᠭᠡᠷ ᠰᠠᠷ᠎ᠠ ᠶᠢᠨ 6 ᠤ | ᠡᠳᠦᠷ ᠪᠤᠭᠤᠲᠤ ᠬᠤᠲᠠ ᠪᠥᠬᠦ ᠤᠯᠤᠰ ᠤᠨ ᠬᠤᠶᠠᠳᠤᠭᠠᠷ ᠪᠦᠯᠦᠭ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠤᠨ ᠲᠤᠷᠰᠢᠯᠲᠠ ᠶᠢᠨ ᠴᠡᠭ ᠲᠤ | ᠣᠷᠣᠯᠴᠠᠬᠤ ᠪᠠᠷ ᠵᠢᠩᠬᠢᠨᠢ ᠪᠠᠷ ᠵᠥᠪᠰᠢᠶᠡᠷᠡᠭᠳᠡᠵᠦ᠂ ᠪᠥᠬᠦ ᠤᠯᠤᠰ ᠤᠨ 13 ᠲᠤᠷᠰᠢᠯᠲᠠ ᠶᠢᠨ ᠴᠡᠭ ᠤᠨ ᠨᠢᠭᠡ ᠪᠣᠯᠵᠣ᠂ | ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠲᠤᠷᠰᠢᠯᠲᠠ ᠶᠢᠨ ᠴᠡᠭ ᠤᠨ ᠬᠤᠲᠠ ᠪᠣᠯᠤᠭᠰᠠᠨ ᠪᠠᠶᠢᠨ᠎ᠠ᠃ | ᠠᠮᠢᠳᠤᠯᠢᠭ ᠢᠶᠠᠷ ᠠᠵᠢᠯ ᠣᠯᠤᠭᠰᠠᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠳᠦᠷᠢᠮ ᠤᠨ ᠠᠷᠠᠳ ᠲᠤ ᠠᠰᠢᠭ ᠬᠦᠷᠲᠡᠭᠡᠬᠦ ᠡᠨᠡ ᠬᠦ ᠲᠥᠷᠥ ᠶᠢᠨ ᠪᠣᠳᠣᠯᠭ᠎ᠠ ᠳᠤ ᠣᠷᠣᠯᠴᠠᠵᠤ᠂ ᠮᠠᠨ ᠤ ᠬᠤᠲᠠ ᠶᠢᠨ | ᠠᠷᠠᠳ ᠤᠨ ᠠᠮᠢᠳᠤᠷᠠᠯ ᠤᠨ ᠲᠦᠷᠦᠯ ᠵᠦᠢᠯ ᠤᠨ 40 ᠲᠥᠷᠥᠯ ᠵᠦᠢᠯ ᠤᠨ ᠨᠢᠭᠡ ᠪᠠᠷ ᠵᠢᠭᠰᠠᠭᠠᠭᠳᠠᠭᠰᠠᠨ ᠪᠠᠶᠢᠨ᠎ᠠ᠃ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ ᠠᠮᠢᠳᠤᠯᠢᠭ ᠢᠶᠠᠷ ᠠᠵᠢᠯ ᠣᠯᠤᠭᠰᠠᠳ ᠤᠨ ᠥᠷᠭᠡᠨ ᠳᠡᠯᠭᠡᠷ | ᠠᠩᠬᠠᠷᠤᠯ ᠪᠠ ᠢᠳᠡᠪᠬᠢᠲᠡᠢ ᠣᠷᠤᠯᠴᠠᠯᠭ᠎ᠠ ᠶᠢ ᠣᠯᠵᠤ᠂ ᠰᠠᠶᠢᠨ ᠰᠠᠶᠢᠬᠠᠨ ᠨᠡᠶᠢᠭᠡᠮ ᠤᠨ ᠲᠤᠰᠬᠠᠯ ᠢ ᠣᠯᠪᠠ᠃ | ᠳᠣᠤᠷ᠎ᠠ ᠪᠢ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠲᠦᠷᠢᠮ ᠤᠨ ᠠᠵᠢᠯ ᠳᠤ ᠣᠷᠣᠯᠴᠠᠭᠰᠠᠨ ᠠᠬᠢᠴᠠ ᠶᠢᠨ ᠪᠠᠶᠢᠳᠠᠯ ᠢ ᠲᠣᠪᠴᠢ ᠲᠠᠨᠢᠯᠴᠠᠭᠤᠯᠤᠶ᠎ᠠ᠃ | 2023 ᠣᠨ ᠤ 9 ᠳ᠋ᠦ᠋ᠭᠡᠷ ᠰᠠᠷ᠎ᠠ ᠳᠤ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠪᠤᠭᠤᠲᠤ | ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠲᠦᠷᠢᠮ ᠤᠨ ᠲᠤᠷᠰᠢᠯᠲᠠ ᠶᠢᠨ ᠴᠡᠭ ᠤᠨ ᠠᠵᠢᠯ ᠳᠤ ᠣᠷᠣᠯᠴᠠᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠵᠤ᠂ ᠪᠤᠭᠤᠲᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠬᠠᠮᠢᠶᠠᠷᠤᠯᠲᠠ ᠶᠢᠨ ᠵᠥᠪᠯᠡᠯ ᠠᠴᠠ ︽ᠪᠤᠭᠤᠲᠤ ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠤᠨ ᠲᠤᠷᠰᠢᠯᠲᠠ ᠶᠢᠨ ᠴᠡᠭ ᠤᠨ | ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ ︽ᠪᠤᠭᠤᠲᠤ ᠬᠤᠲᠠ ᠶᠢᠨ ᠠᠮᠢᠳᠤᠯᠢᠭ ᠢᠶᠠᠷ | ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠤᠨ | ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠨᠠᠷᠢᠨ ᠲᠦᠷᠢᠮ︾ ᠢ ᠢᠵᠢ ᠪᠦᠷᠢᠳᠦᠭᠦᠯᠦᠨ ᠲᠣᠭᠲᠠᠭᠠᠵᠤ᠂ ᠲᠤᠷᠰᠢᠯᠲᠠ ᠶᠢᠨ | ᠴᠡᠭ ᠤᠨ ᠠᠵᠢᠯ ᠢ 2023 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠵᠢᠩᠬᠢᠨᠢ ᠪᠠᠷ ᠬᠡᠷᠡᠭᠵᠢᠭᠦᠯᠬᠦ ᠪᠠᠷ ᠲᠣᠭᠲᠠᠭᠠᠪᠠ᠃ | 2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠠᠮᠢᠳᠤᠯᠢᠭ ᠢᠶᠠᠷ ᠠᠵᠢᠯ ᠣᠯᠤᠭᠰᠠᠳ ᠨᠡᠶᠢᠲᠡ 37371 | ᠬᠥᠮᠦᠨ᠂ ᠪᠣᠳᠠᠲᠠᠶ ᠲᠤᠰᠢᠶᠠᠭᠰᠠᠨ ᠲᠠᠩᠰᠠᠨ ᠡᠷᠦᠬᠡ ᠨᠡᠶᠢᠲᠡ 22851 ᠬᠥᠮᠦᠨ᠂ ᠲᠠᠩᠰᠠ ᠡᠷᠦᠬᠡ ᠶᠢᠨ ᠪᠣᠳᠠᠲᠠᠶ | ᠲᠤᠰᠢᠶᠠᠭᠰᠠᠨ ᠨᠣᠷᠮ᠎ᠠ ᠨᠡᠶᠢᠲᠡ 61.1% ᠪᠠᠶᠢᠪᠠ᠃ ᠲᠤᠰᠢᠶᠠᠨ ᠬᠠᠳᠠᠭᠠᠯᠠᠭᠰᠠᠨ ᠵᠣᠭᠤᠰ ᠤᠨ ᠲᠤᠭ᠎ᠠ ᠨᠡᠶᠢᠲᠡ 1.14 | ᠳ᠋ᠦᠩᠰᠢᠭᠤᠷ ᠲᠥᠭᠦᠷᠢᠭ ᠲᠤ ᠬᠦᠷᠴᠦ᠂ ᠲᠤᠰᠢᠶᠠᠨ ᠬᠠᠳᠠᠭᠠᠯᠠᠭᠰᠠᠨ ᠦᠯᠡᠳᠡᠪᠦᠷᠢ ᠲᠤᠭ᠎ᠠ 9326 ᠲᠦᠮᠡᠨ | ᠲᠥᠭᠦᠷᠢᠭ ᠲᠤ ᠬᠦᠷᠴᠡᠶ᠃ ᠠᠮᠢᠳᠤᠯᠢᠭ ᠢᠶᠠᠷ ᠠᠵᠢᠯ ᠣᠯᠤᠭᠰᠠᠳ ᠤᠨ ᠲᠤᠭ᠎ᠠ ᠨᠡᠶᠢᠲᠡ 2147 ᠲᠦᠮᠡᠨ ᠲᠥᠭᠦᠷᠢᠭ ᠲᠤ | ᠬᠦᠷᠴᠦ᠂ ᠭᠠᠷᠭᠠᠨ ᠠᠪᠤᠭᠰᠠᠨ ᠨᠤᠷᠮ᠎ᠠ 18.8% ᠪᠠᠶᠢᠪᠠ᠃ ᠠᠮᠢᠳᠤᠯᠢᠭ ᠢᠶᠠᠷ ᠠᠵᠢᠯ ᠣᠯᠤᠭᠰᠠᠳ ᠨᠡᠶᠢᠲᠡ 178 | ᠬᠤᠪᠢ᠂ ᠵᠢᠭᠡᠯᠡᠯᠭᠡ ᠶᠢᠨ ᠮᠥᠩᠭᠦ 6855.9 ᠲᠦᠮᠡᠨ ᠲᠥᠭᠦᠷᠢᠭ ᠲᠠᠯᠪᠢᠵᠤ᠂ ᠵᠢᠭᠡᠯᠡᠯᠭᠡ ᠶᠢᠨ ᠦᠯᠡᠳᠡᠪᠦᠷᠢ 6773.3 | ᠲᠦᠮᠡᠨ ᠲᠥᠭᠦᠷᠢᠭ ᠲᠤ ᠬᠦᠷᠴᠦ᠂ ᠬᠤᠪᠢ ᠶᠢᠨ ᠵᠢᠭᠡᠯᠡᠯᠭᠡ ᠶᠢᠨ ᠨᠤᠷᠮ᠎ᠠ 72.6% ᠪᠠᠶᠢᠪᠠ᠃ ᠡᠭᠦᠨ ᠳᠤ᠄ | ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠨᠢᠭᠡᠨᠲᠡ ᠭᠦᠢᠴᠡᠳᠭᠡᠬᠦ ᠳᠤ ᠠᠮᠢᠳᠤᠯᠢᠭ ᠢᠶᠠᠷ ᠠᠵᠢᠯ ᠣᠯᠤᠭᠰᠠᠳ ᠤᠨ ᠳᠣᠲᠣᠷ᠎ᠠ | ᠂ ᠨᠢᠭᠡᠳᠦᠭᠡᠷ ᠢᠵᠢ ᠣᠷᠣᠨ ᠰᠠᠭᠤᠴᠠ ᠶᠢ ᠰᠠᠶ᠋ᠢᠬᠠᠨ ᠬᠤᠳᠠᠯᠳᠤᠨ ᠠᠪᠬᠤ ᠳᠤ ᠬᠡᠷᠡᠭᠰᠡᠬᠦ ᠵᠣᠭᠤᠰ ᠤᠨ ᠲᠤᠭ᠎ᠠ ᠨᠢ 81. | 7% ᠶᠢ ᠡᠵᠡᠯᠡᠪᠡ᠃ ᠳᠤᠮᠳᠠᠴᠢ ᠵᠢᠭᠡᠯᠡᠯᠭᠡ ᠶᠢᠨ ᠲᠤᠭ᠎ᠠ ᠨᠢ 38.5 ᠲᠦᠮᠡᠨ ᠲᠥᠭᠦᠷᠢᠭ᠂ ᠳᠤᠮᠳᠠᠴᠢ ᠵᠢᠭᠡᠯᠡᠯᠭᠡ ᠶᠢᠨ | ᠬᠤᠭᠤᠴᠠᠭ᠎ᠠ ᠨᠢ 13.9 ᠵᠢᠯ᠂ 19390. 49 ᠺᠦᠸᠠᠳ᠋ ᠮᠧᠳ᠋ᠷ ᠲᠠᠯᠠᠪᠠᠢ ᠶᠢᠨ ᠣᠷᠣᠨ ᠰᠠᠭᠤᠴᠠ ᠬᠤᠳᠠᠯᠳᠤᠨ | ᠠᠪᠬᠤ ᠶᠢ ᠳᠡᠮᠵᠢᠪᠡ᠃ ᠨᠢᠭᠡᠨᠲᠡ ᠵᠢᠭᠡᠯᠡᠯᠭᠡ ᠲᠠᠯᠪᠢᠭᠰᠠᠨ ᠤ ︽ᠬᠤᠳᠠᠯᠳᠤᠭ᠎ᠠ ᠠᠴᠠ ᠠᠯᠪᠠᠨ ᠳᠤ ᠰᠢᠯᠵᠢᠭᠦᠯᠦᠭᠰᠡᠨ︾ ᠨᠢ | 157 ᠬᠤᠪᠢ᠂ 5926 ᠲᠦᠮᠡᠨ ᠲᠥᠭᠦᠷᠢᠭ᠂ ᠲᠠᠸᠠᠷ ᠤᠨ ᠬᠡᠷ 7 ᠬᠤᠪᠢ᠂ 315 ᠲᠦᠮᠡᠨ ᠲᠥᠭᠦᠷᠢᠭ ᠪᠠᠶᠢᠪᠠ᠂ | ᠭᠠᠷ ᠳᠠᠮᠵᠢᠭᠰᠠᠨ ᠬᠡᠷ ᠪᠠᠶᠢᠰᠢᠩ 14 ᠬᠤᠪᠢ᠂ 614.9 ᠲᠦᠮᠡᠨ ᠲᠥᠭᠦᠷᠢᠭ ᠪᠠᠶᠢᠪᠠ᠃ | ᠬᠥᠲᠥᠯᠥᠭᠴᠢ᠄ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠨᠢ ᠠᠮᠢᠳᠤᠯᠢᠭ ᠢᠶᠠᠷ ᠠᠵᠢᠯ ᠣᠯᠤᠭᠰᠠᠳ ᠲᠤ | ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠠᠰᠢᠭ ᠠᠪᠴᠢᠷᠠᠵᠤ ᠥᠭᠬᠦ ᠪᠣᠶ︖ | ᠰᠦᠬᠡ᠄ ᠨᠢᠭᠡ ᠳᠤ᠂ ᠳᠣᠤᠷ᠎ᠠ ᠲᠤᠰᠢᠶᠠᠨ ᠬᠠᠳᠠᠭᠠᠯᠠᠭᠤᠯᠬᠤ᠂ ᠠᠭᠤᠵᠢᠭᠤ ᠲᠠᠯᠪᠢᠬᠤ ᠶᠢ ᠵᠥᠪᠰᠢᠶᠡᠷᠡᠨ | ᠤᠷᠤᠭᠤᠯᠤᠨ᠎ᠠ᠃ ᠪᠦᠬᠦᠯᠢ 16 ᠨᠠᠰᠤ ᠬᠦᠷᠦᠭᠰᠡᠨ᠂ ᠤᠯᠤᠰ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠰᠠᠯᠵᠤ | ᠪᠠᠭᠤᠵᠤ ᠠᠮᠠᠷᠠᠬᠤ ᠨᠠᠰᠤᠨ ᠳᠤ ᠬᠦᠷᠦᠭᠡᠳᠦᠢ ᠪᠠᠶᠢᠪᠠᠯ᠂ ᠪᠦᠬᠦᠯᠢ ᠡᠳᠦᠷ ᠤᠨ ᠳᠦᠷᠢᠮ᠂ ᠰᠢᠨ᠎ᠡ ᠡᠵᠡᠩᠨᠡᠯᠲᠡ ᠶᠢᠨ ᠬᠡᠯᠪᠡᠷᠢ | ᠵᠡᠷᠭᠡ ᠠᠷᠭ᠎ᠠ ᠬᠡᠯᠪᠡᠷᠢ ᠪᠠᠷ ᠠᠵᠢᠯ ᠣᠯᠤᠭᠰᠠᠨ ᠪᠥᠭᠡᠳ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ | ᠠᠮᠢᠳᠤᠯᠢᠭ ᠢᠶᠠᠷ ᠠᠵᠢᠯ ᠣᠯᠤᠭᠰᠠᠳ ᠴᠥᠮ ᠰᠠᠶᠢᠨ ᠳᠤᠷ᠎ᠠ ᠠᠴᠠ ᠪᠠᠨ ᠮᠠᠨ ᠤ ᠬᠤᠲᠠ ᠳᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠳᠤ ᠣᠷᠣᠯᠴᠠᠵᠤ ᠪᠣᠯᠣᠨ᠎ᠠ᠂ ᠡᠷᠦᠬᠡ ᠠᠮᠠ ᠶᠢᠨ ᠬᠢᠵᠠᠭᠠᠷᠯᠠᠯ | ᠦᠭᠡᠢ᠃ ᠬᠤᠶᠠᠷ ᠲᠤ᠂ ᠬᠦᠦ ᠮᠦᠩᠭᠦ ᠶᠢᠨ ᠨᠤᠷᠮ᠎ᠠ ᠳᠤᠤᠷ᠎ᠠ᠂ ᠳᠠᠷᠤᠯᠲᠠ ᠶᠢ ᠪᠠᠭᠠᠰᠬᠠᠨ᠎ᠠ᠃ ᠠᠮᠢᠳᠤᠯᠢᠭ ᠢᠶᠠᠷ ᠠᠵᠢᠯ | ᠣᠯᠣᠭᠰᠠᠨ ᠲᠤᠰᠢᠶᠠᠨ ᠬᠠᠳᠠᠭᠠᠯᠠᠭᠤᠯᠤᠭᠴᠢ ᠵᠢᠭᠡᠯᠡᠯᠭᠡ ᠶᠢᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠨᠢᠭᠡ ᠬᠥᠮᠦᠨ | ᠬᠠᠮᠤᠭ ᠤᠨ ᠥᠨᠳᠥᠷ ᠲᠤ ᠪᠠᠨ 60 ᠲᠦᠮᠡᠨ ᠲᠥᠭᠦᠷᠢᠭ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ | ᠭᠤᠶᠤᠴᠢᠯᠠᠵᠤ ᠪᠣᠯᠤᠨ᠎ᠠ᠂ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠬᠠᠮᠤᠭ ᠤᠨ ᠥᠨᠳᠥᠷ ᠲᠤ ᠪᠠᠨ 100 ᠲᠦᠮᠡᠨ | ᠲᠥᠭᠦᠷᠢᠭ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠵᠤ ᠪᠣᠯᠤᠨ᠎ᠠ᠃ ᠭᠤᠷᠪᠠ ᠳᠤ᠂ | ᠲᠤᠰᠢᠶᠠᠨ ᠬᠠᠳᠠᠭᠠᠯᠠᠬᠤ ᠵᠣᠬᠢᠴᠠᠮᠵᠢ ᠶᠢ ᠠᠮᠢᠳᠤᠯᠢᠭ ᠪᠠᠶᠢᠯᠭᠠᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠤᠨ ᠠᠵᠢᠯ | ᠮᠡᠷᠭᠡᠵᠢᠯ ᠪᠠ ᠣᠷᠣᠯᠭ᠎ᠠ ᠶᠢᠨ ᠣᠨᠴᠠᠯᠢᠭ ᠲᠠᠢ ᠤᠶᠠᠯᠳᠤᠭᠤᠯᠤᠨ᠂ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠳᠤ | ᠲᠤᠰᠢᠶᠠᠨ ᠬᠠᠳᠠᠭᠠᠯᠠᠭᠤᠯᠬᠤ ᠠᠷᠭ᠎ᠠ ᠬᠡᠯᠪᠡᠷᠢ ᠶᠢ ᠵᠢᠷᠤᠵᠤ ᠲᠥᠯᠥᠪᠯᠡᠨ ᠠᠮᠢᠳᠤᠯᠢᠭ ᠢᠶᠠᠷ ᠠᠵᠢᠯ ᠣᠯᠤᠭᠰᠠᠳ ᠤᠨ | ᠰᠣᠩᠭᠤᠯᠲᠠ ᠶᠢ ᠬᠠᠩᠭᠠᠨ᠎ᠠ᠂ ᠪᠣᠳᠠᠲᠠᠶ ᠳᠤ ᠰᠠᠷ᠎ᠠ᠂ ᠤᠯᠠᠷᠢᠯ᠂ ᠵᠢᠯ ᠤᠨ ᠲᠣᠭᠲᠠᠮᠠᠯ ᠲᠤᠰᠢᠶᠠᠨ ᠬᠠᠳᠠᠭᠠᠯᠠᠬᠤ ᠵᠢᠴᠢ | ᠠᠮᠢᠳᠤᠯᠢᠭ ᠢᠶᠠᠷ ᠲᠤᠰᠢᠶᠠᠨ ᠬᠠᠳᠠᠭᠠᠯᠠᠭᠤᠯᠬᠤ ᠶᠢ ᠪᠠᠭᠲᠠᠭᠠᠨ᠎ᠠ᠃ ᠳᠥᠷᠪᠡ ᠳᠤ᠂ ᠲᠤᠰᠢᠶᠠᠬᠤ ᠬᠥᠮᠦᠰ ᠤᠨ ︽ | ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢ ᠦᠨᠳᠦᠰᠦᠯᠡᠪᠡᠯ᠂ ᠠᠮᠢᠳᠤᠯᠢᠭ ᠢᠶᠠᠷ ᠠᠵᠢᠯ ᠣᠯᠤᠭᠰᠠᠨ | ᠬᠥᠮᠦᠰ ᠤᠨ ᠳᠣᠲᠣᠷ᠎ᠠ᠂ 61% ᠶᠢᠨ ᠬᠥᠮᠦᠰ ᠠᠵᠢᠯᠯᠠᠵᠤ ᠪᠠᠶᠢᠭ᠎ᠠ ᠭᠠᠵᠠᠷ ᠲᠤ ᠪᠠᠨ ᠭᠡᠷ ᠥᠬᠡᠶ᠂ 41% ᠶᠢᠨ ᠬᠦᠮᠦᠰ | ᠶᠠᠭ ᠭᠡᠷ ᠬᠤᠳᠠᠯᠳᠤᠨ ᠠᠪᠴᠤ ᠪᠣᠶ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠲᠦᠷᠢᠮ ᠳᠤ ᠣᠷᠣᠯᠴᠠᠬᠤ ᠪᠠᠷ ᠳᠠᠮᠵᠢᠭᠤᠯᠤᠨ᠂ ᠭᠡᠷ ᠥᠬᠡᠶ ᠠᠮᠢᠳᠤᠯᠢᠭ ᠢᠶᠠᠷ ᠠᠵᠢᠯ ᠣᠯᠤᠭᠰᠠᠳ ᠤᠨ ︽ᠤᠷᠢᠳ ᠢᠶᠠᠷ | ᠲᠦᠷᠢᠶᠡᠰᠦᠯᠡᠵᠦ ᠳᠠᠷᠠᠭ᠎ᠠ ᠨᠢ ᠬᠤᠳᠠᠯᠳᠤᠨ ᠠᠪᠬᠤ︾ ᠶᠢ ᠳᠡᠮᠵᠢᠵᠦ᠂ ᠠᠳᠠᠯᠢ ᠪᠤᠰᠤ ᠱᠠᠲᠤ ᠦᠶ᠎ᠡ ᠶᠢᠨ ᠭᠡᠷ ᠪᠠᠶᠢᠰᠢᠩ | ᠲᠦᠷᠢᠶᠡᠰᠦᠯᠡᠬᠦ᠂ ᠭᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠪᠠ᠃ ᠲᠠᠪᠤ ᠳᠤ᠂ ᠨᠥᠬᠦᠪᠥᠷᠢ ᠠᠪᠴᠤ᠂ | ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠲᠤᠯᠭᠠᠨ ᠪᠣᠳᠣᠨ᠎ᠠ᠃ ᠠᠮᠢᠳᠤᠯᠢᠭ ᠢᠶᠠᠷ ᠠᠵᠢᠯ ᠣᠯᠤᠭᠠᠳ | ᠲᠤᠰᠢᠶᠠᠨ ᠬᠠᠳᠠᠭᠠᠯᠠᠭᠤᠯᠤᠭᠴᠢ ᠨᠥᠬᠦᠴᠡᠯ ᠳᠤ ᠨᠡᠶᠢᠴᠡᠪᠡᠯ ᠲᠤᠰᠢᠶᠠᠨ ᠬᠠᠳᠠᠭᠠᠯᠠᠭᠤᠯᠬᠤ ᠨᠥᠬᠦᠪᠥᠷᠢ ᠣᠯᠵᠤ ᠪᠣᠯᠤᠨ᠎ᠠ᠂ | ᠪᠣᠳᠠᠲᠠᠶ ᠲᠣᠭᠲᠠᠭᠠᠯ ᠨᠢ ᠲᠤᠰᠢᠶᠠᠨ ᠬᠠᠳᠠᠭᠠᠯᠠᠭᠤᠯᠤᠭᠴᠢ ᠠᠮᠢᠳᠤᠯᠢᠭ ᠢᠶᠠᠷ ᠠᠵᠢᠯ ᠣᠯᠤᠭᠰᠠᠳ ᠤᠨ ᠪᠡᠶ᠎ᠡ ᠭᠠᠷᠤᠯ ᠢᠶᠠᠷ | ᠬᠤᠪᠢ ᠬᠥᠮᠦᠨ ᠤ ᠲᠠᠩᠰᠠᠨ ᠡᠷᠦᠬᠡ ᠪᠠᠶᠢᠭᠤᠯᠬᠤ ᠶᠢᠨ ᠬᠠᠮᠲᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠪᠠᠨ ᠲᠤᠰᠢᠶᠠᠨ ᠬᠠᠳᠠᠭᠠᠯᠠᠭᠤᠯᠬᠤ ᠨᠢ ᠨᠢᠭᠡ ᠵᠢᠯ ︵ᠪᠠᠭᠲᠠᠨ᠎ᠠ︶ ᠠᠴᠠ ᠳᠡᠭᠡᠭᠰᠢ ᠪᠠᠶᠢᠵᠤ | ᠪᠣᠯᠤᠨ᠎ᠠ᠂ ᠡᠨᠡ ᠬᠤᠭᠤᠴᠠᠭᠠᠨ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠡᠷᠡᠭᠯᠡᠭᠰᠡᠨ ᠦᠭᠡᠢ ᠪᠣᠯ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠳᠠᠩᠰᠠᠨ ᠠᠴᠠ ᠭᠠᠷᠭᠠᠬᠤ ᠦᠶ᠎ᠡ ᠳᠤ ᠲᠤᠰᠢᠶᠠᠨ | ᠬᠠᠳᠠᠭᠠᠯᠠᠭᠤᠯᠤᠭᠰᠠᠨ ᠨᠥᠬᠦᠪᠥᠷᠢ ᠣᠯᠭᠤᠨ᠎ᠠ᠃ ᠵᠢᠷᠭᠤᠭ᠎ᠠ ᠳᠤ᠂ ᠰᠦᠯᠵᠢᠶᠡᠨ ᠳᠡᠭᠡᠷ᠎ᠡ ︽ᠨᠢᠭᠤᠷ ᠵᠣᠯᠭᠠᠬᠤ ᠦᠭᠡᠢ ᠪᠠᠷ | ᠭᠦᠢᠴᠡᠳᠬᠡᠬᠦ︾ ᠶᠢ ᠬᠡᠷᠡᠭᠵᠢᠭᠦᠯᠦᠨ᠎ᠡ᠃ ᠠᠮᠢᠳᠤᠯᠢᠭ ᠢᠶᠠᠷ ᠠᠵᠢᠯ ᠣᠯᠤᠭᠰᠠᠳ ︽ᠭᠠᠷ ᠤᠲᠠᠰᠤᠨ ᠤ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ︾ ᠶᠢᠨ APP ᠪᠠ ︽ᠪᠤᠭᠤᠲᠤ ᠶᠢᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ︾ ᠶᠢᠨ ᠠᠯᠪᠠᠨ ᠤ ᠵᠢᠷᠭᠢᠶ᠎ᠡ ᠶᠢᠨ ᠰᠦᠯᠵᠢᠶᠡᠨ ᠳᠡᠭᠡᠷ᠎ᠡ ᠲᠤᠰᠢᠶᠠᠨ ᠬᠠᠳᠠᠭᠠᠯᠠᠭᠤᠯᠬᠤ | ᠲᠥᠷᠥᠯ᠂ ᠭᠠᠷᠭᠠᠨ ᠠᠪᠬᠤ ᠲᠥᠷᠥᠯ ᠵᠢᠴᠢ ᠵᠢᠭᠡᠯᠡᠯᠭᠡ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ᠂ | ︽ᠠᠯᠠᠭᠠᠨ ᠳᠡᠭᠡᠷ᠎ᠡ ᠪᠠᠨ ᠭᠦᠢᠴᠡᠳᠬᠡᠬᠦ︾᠂ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠨᠢᠭᠡ ᠯᠡ ᠤᠳᠠᠭ᠎ᠠ ᠳᠤ | ᠭᠦᠢᠴᠡᠳᠬᠡᠬᠦ︾ ᠪᠠᠷ ᠳᠠᠮᠵᠢᠭᠤᠯᠤᠨ ᠠᠮᠢᠳᠤᠯᠢᠭ ᠢᠶᠠᠷ ᠠᠵᠢᠯ ᠣᠯᠤᠭᠰᠠᠳ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ | ᠨᠡᠩ ᠰᠠᠶᠢᠨ᠂ ᠭᠦᠢᠴᠡᠳᠬᠡᠬᠦ ᠳᠤ ᠬᠢᠯᠪᠠᠷ᠂ ᠲᠦᠷᠭᠡᠨ ᠭᠦᠢᠴᠡᠳᠬᠡᠵᠦ ᠪᠣᠯᠤᠨ᠎ᠠ᠃ | ᠬᠥᠲᠥᠯᠥᠭᠴᠢ᠄ ᠣᠶᠢᠷ᠎ᠠ ᠶᠢᠨ ᠬᠤᠭᠤᠴᠠᠭᠠᠨ ᠳᠤ ᠠᠷᠠᠳ ᠲᠤ ᠠᠰᠢᠭ ᠬᠦᠷᠲᠡᠭᠡᠬᠦ ᠶᠠᠮᠠᠷ ᠶᠠᠮᠠᠷ ᠲᠥᠷᠥ ᠶᠢᠨ | ᠪᠣᠳᠣᠯᠭ᠎ᠠ ᠪᠠᠶᠢᠬᠤ ᠪᠣᠶ︖ | ᠰᠦᠬᠡ᠄ 2024 ᠣᠨ ᠳᠤ ᠪᠤᠭᠤᠲᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠵᠥᠪᠯᠡᠵᠦ ᠪᠠᠲᠤᠯᠠᠭᠠᠳ᠂ ᠣᠲᠣ ᠶᠢᠨ ᠬᠡᠷᠡᠭᠵᠢᠭᠦᠯᠵᠦ ᠪᠠᠶᠢᠭ᠎ᠠ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠡᠷᠡᠭᠯᠡᠬᠦ ᠲᠥᠷᠥ ᠶᠢᠨ ᠪᠣᠳᠣᠯᠭ᠎ᠠ ᠳᠤ | ᠲᠣᠬᠢᠷᠠᠭᠤᠯᠤᠯᠲᠠ ᠬᠢᠪᠠ᠃ ᠨᠢᠭᠡ ᠳᠤ᠂ ᠵᠢᠭᠡᠯᠡᠯᠭᠡ ᠶᠢᠨ ᠬᠠᠮᠤᠭ ᠤᠨ ᠶᠡᠭᠡ ᠬᠡᠮᠵᠢᠶᠡᠨ ᠤ ᠪᠣᠳᠠᠲᠠᠶ ᠬᠡᠷᠡᠭᠵᠢᠭᠦᠯᠬᠦ | ᠬᠤᠭᠤᠴᠠᠭ᠎ᠠ ᠶᠢ ᠤᠷᠲᠤᠳᠬᠠᠪᠠ᠃ ᠬᠤᠶᠠᠷ ᠲᠤ᠂ ᠳᠡᠭᠡᠳᠦ ᠲᠠᠰ ᠤᠨ ᠴᠢᠳᠠᠪᠤᠷᠢᠲᠠᠨ ᠤ ᠵᠢᠭᠡᠯᠡᠯᠭᠡ ᠶᠢᠨ ᠲᠤᠭ᠎ᠠ | ᠬᠡᠮᠵᠢᠶ᠎ᠡ ᠳᠤ ᠲᠣᠬᠢᠷᠠᠭᠤᠯᠤᠯᠲᠠ ᠬᠢᠪᠠ᠃ ᠭᠤᠷᠪᠠ ᠳᠤ᠂ ᠲᠦᠷᠢᠶᠡᠰᠦᠯᠡᠬᠦ ᠭᠡᠷ ᠤᠨ ᠲᠦᠯᠦᠪᠦᠷᠢ ᠶᠢᠨ ᠭᠠᠷᠭᠠᠨ ᠠᠪᠬᠤ ᠪᠠ | ᠲᠣᠭᠠᠴᠠᠭ᠎ᠠ ᠬᠢᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ | 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠳᠥᠷᠪᠡ ᠳᠤ᠂ ᠭᠡᠷ ᠪᠦᠯᠢ ᠣᠨᠴᠠ ᠬᠦᠴᠢᠷᠲᠡᠶ | ᠭᠠᠷᠭᠠᠨ ᠠᠪᠬᠤ ᠲᠤᠬᠠᠶᠢᠯᠠᠭᠰᠠᠨ ᠠᠵᠢᠯ ᠵᠡᠷᠭᠡ ᠶᠢ ᠨᠡᠭᠡᠭᠡᠨ᠎ᠡ᠃ | ᠬᠥᠲᠥᠯᠥᠭᠴᠢ᠄ ᠪᠢᠳᠡ ᠪᠠᠰᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠢᠨ᠎ᠡ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠥᠷᠭᠡᠨ ᠣᠯᠠᠨ ᠠᠮᠢᠳᠤᠯᠢᠭ ᠢᠶᠠᠷ ᠠᠵᠢᠯ ᠣᠯᠤᠭᠰᠠᠳ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ ᠲᠤ | ᠦᠷᠭᠦᠯᠵᠢᠯᠡᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠲᠡᠳᠡᠨ ᠤ ᠪᠤᠭᠤᠲᠤ ᠳᠤ ᠰᠠᠨᠠᠭ᠎ᠠ | ᠠᠮᠤᠷ ᠰᠠᠭᠤᠬᠤ ᠬᠦᠰᠡᠯ ᠢ ᠨᠢ ᠲᠡᠷᠭᠡᠯᠰᠢᠭᠦᠯᠬᠦ ᠶᠢ ᠬᠦᠰᠡᠵᠦ ᠪᠠᠶᠢᠨ᠎ᠠ᠃ ᠬᠠᠮᠤᠭ ᠰᠡᠭᠦᠯ ᠳᠤ ᠳᠡᠳ᠋ ᠲᠣᠪᠴᠢᠶᠠᠨ ᠳᠠᠷᠤᠭ᠎ᠠ | ᠶᠠᠩ ᠭᠤᠸᠠᠩ ᠲᠠᠨ ᠤ ᠬᠢᠨᠠᠯᠲᠠ ᠲᠠᠯᠪᠢᠬᠤ ᠠᠰᠠᠭᠤᠨ ᠯᠠᠪᠯᠠᠬᠤ ᠤᠲᠠᠰᠤ ᠪᠠᠨ ᠮᠡᠳᠡᠭᠳᠡᠬᠦ ᠪᠣᠯᠪᠠᠤ᠃ | ᠶᠠᠩ ᠭᠤᠸᠠᠩ᠄ ᠪᠢᠳᠡᠨ ᠤ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ 0472 - 12329᠂ | ᠬᠢᠨᠠᠯᠲᠠ ᠲᠠᠯᠪᠢᠵᠤ ᠵᠠᠭᠠᠯᠳᠤᠬᠤ ᠤᠲᠠᠰᠤ 3310259 ᠪᠣᠯᠣᠨ᠎ᠠ᠃ |