ᠭᠡᠷ ᠤᠨ ᠭᠠᠳᠠᠨᠠᠬᠢ ᠵᠠᠷ ᠮᠡᠳᠡᠭᠡ ᠵᠢᠴᠢ ᠳᠡᠯᠭᠡᠭᠦᠷ ᠤᠨ ᠫᠠᠶᠢᠰᠠ ᠢᠯᠡᠷᠬᠡᠶᠢᠯᠡᠯ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/5
     ᠬᠡᠷ ᠤᠨ ᠭᠠᠳᠠᠨᠠᠬᠢ ᠵᠠᠷ ᠮᠡᠳᠡᠭᠡ᠂ ᠳᠡᠯᠭᠡᠭᠦᠷ ᠤᠨ ᠫᠠᠶᠢᠰᠠ ᠢᠯᠡᠷᠬᠡᠶᠢᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ︽ᠣᠷᠣᠶ ᠶᠢᠨ ᠠᠮᠤᠷ ᠲᠦᠪᠰᠢᠨ︾ ᠢ ᠦᠨᠡᠨᠬᠦ ᠪᠠᠲᠤᠯᠠᠵᠤ᠂ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠤᠲᠠ ᠲᠣᠭᠤᠷᠢᠭ ᠤᠨ ᠬᠤᠶᠠᠷ ᠱᠠᠲᠤᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠡᠷ ᠤᠨ ᠭᠠᠳᠠᠨᠠᠬᠢ ᠵᠠᠷ ᠮᠡᠳᠡᠭᠡ᠂ ᠳᠡᠯᠭᠡᠭᠦᠷ ᠤᠨ ᠫᠠᠶᠢᠰᠠ ᠢᠯᠡᠷᠬᠡᠶᠢᠯᠡᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠪᠡ᠃     ᠨᠢᠭᠡ ᠳᠤ᠂ ᠥᠷᠭᠡᠨ ᠢᠶᠠᠷ ᠤᠬᠠᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠵᠡᠭᠡᠯᠢ ᠳᠠᠭᠠᠤ ᠶᠢᠨ ᠳᠡᠯᠭᠡᠭᠦᠷ᠂ ᠬᠤᠳᠠᠯᠳᠤᠭᠠᠨ ᠤ ᠡᠷᠦᠬᠡ ᠳᠤ ᠭᠦᠨᠵᠡᠭᠡᠶᠢᠷᠡᠨ᠂ ᠬᠡᠷ ᠤᠨ ᠭᠠᠳᠠᠨᠠᠬᠢ ᠵᠠᠷ ᠮᠡᠳᠡᠭᠡ ᠪᠠ ᠳᠡᠯᠭᠡᠭᠦᠷ ᠤᠨ ᠫᠠᠶᠢᠰᠠ ᠢᠯᠡᠷᠬᠡᠶᠢᠯᠡᠯ ᠤᠨ ᠪᠠᠶᠢᠷᠢᠯᠠᠭᠤᠯᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠲᠦᠷᠢᠮ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠬᠤᠳᠠᠯᠳᠤᠭᠠᠴᠢᠳ ᠲᠤ ᠬᠠᠤᠯᠢ ᠪᠠᠷ ᠵᠠᠰᠠᠬᠤ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠶᠢ ᠰᠠᠨᠠᠭᠤᠯᠵᠤ᠂ ᠬᠡᠷ ᠤᠨ ᠭᠠᠳᠠᠨᠠᠬᠢ ᠵᠠᠷ ᠮᠡᠳᠡᠭᠡ ᠪᠠ ᠳᠡᠯᠭᠡᠭᠦᠷ ᠤᠨ ᠫᠠᠶᠢᠰᠠ ᠢᠯᠡᠷᠬᠡᠶᠢᠯᠡᠯ ᠤᠨ ᠪᠡᠯᠡᠳᠬᠡᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠴᠠᠭ ᠲᠤᠬᠠᠶ ᠳᠤᠨᠢ ᠥᠪᠡᠷ ᠤᠨ ᠪᠠᠶᠢᠴᠠᠭᠠᠯᠲᠠ ᠬᠢᠬᠦ ᠶᠢᠨ ᠬᠠᠮᠲᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃     ᠬᠤᠶᠠᠷ ᠲᠤ᠂ ᠨᠠᠷᠢᠯᠢᠭ ᠪᠠᠶᠢᠴᠠᠭᠠᠨ ᠵᠢᠭᠰᠠᠭᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠳᠣᠲᠣᠷᠠᠬᠢ ᠬᠤᠳᠠᠯᠳᠤᠭᠠᠨ ᠤ ᠡᠷᠦᠬᠡ ᠶᠢᠨ ᠳᠡᠯᠭᠡᠭᠦᠷ ᠤᠷᠢᠬᠤ ᠵᠢᠴᠢ ᠭᠤᠤᠯᠳᠠᠯᠭ᠎ᠠ ᠲᠠᠢ ᠵᠠᠮ ᠤᠨ ᠬᠡᠰᠡᠭ᠂ ᠬᠥᠮᠦᠨ ᠲᠥᠪᠯᠡᠷᠡᠭᠰᠡᠨ ᠣᠷᠣᠨ ᠪᠦᠰᠡ᠂ ᠬᠤᠳᠠᠯᠳᠤᠭᠠᠨ ᠤ ᠬᠦᠷᠢᠶ᠎ᠡ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠷᠬᠢᠨ ᠲᠣᠭᠤᠷᠢᠨ ᠤ ᠲᠣᠮᠣ ᠬᠡᠯᠪᠡᠷᠢ ᠶᠢᠨ ᠬᠡᠷ ᠤᠨ ᠭᠠᠳᠠᠨᠠᠬᠢ ᠵᠠᠷ ᠮᠡᠳᠡᠭᠡ ᠳᠤ ᠴᠢᠭᠯᠡᠭᠦᠯᠦᠨ ᠪᠥᠬᠦ ᠲᠠᠯ᠎ᠠ ᠪᠠᠷ ᠨᠠᠷᠢᠨ ᠪᠠᠶᠢᠴᠠᠭᠠᠯᠲᠠ ᠬᠢᠪᠠ᠃ ᠵᠠᠷ ᠤᠨ ᠫᠠᠶᠢᠰᠠ ᠨᠢ ᠡᠪᠳᠡᠭᠳᠡᠭᠰᠡᠨ᠂ ᠬᠡᠯᠪᠠᠶᠢᠯᠭᠡᠭᠰᠡᠨ᠂ ᠰᠤᠯᠠᠷᠠᠭᠰᠠᠨ᠂ ᠪᠣᠯᠤᠭᠰᠠᠨ᠂ ᠤᠨᠠᠭᠰᠠᠨ ᠵᠡᠷᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ᠂ ᠠᠰᠠᠭᠤᠳᠠᠯ ᠢ ᠢᠯᠡᠷᠡᠭᠦᠯᠦᠭᠰᠡᠨ ᠤ ᠳᠠᠷᠠᠭ᠎ᠠ᠂ ᠲᠡᠷᠡ ᠳᠠᠷᠤᠢ ᠳᠤᠨᠢ ᠬᠤᠳᠠᠯᠳᠤᠭᠠᠴᠢᠨ ᠲᠠᠢ ᠬᠠᠷᠢᠯᠴᠠᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠣᠳᠣ ᠪᠣᠯᠲᠠᠯ᠎ᠠ ᠂ ᠳᠡᠯᠭᠡᠭᠦᠷ ᠤᠨ ᠫᠠᠶᠢᠰᠠ ᠢᠯᠡᠷᠬᠡᠶᠢᠯᠡᠯ᠂ ᠭᠡᠷ ᠤᠨ ᠭᠠᠳᠠᠨᠠᠬᠢ ᠵᠠᠷ ᠮᠡᠳᠡᠭᠡ 200 ᠭᠠᠷᠤᠶ ᠬᠡᠰᠡᠭ ᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠪᠡ᠃     ᠭᠤᠷᠪᠠ ᠳᠤ᠂ ᠴᠥᠬᠦᠷᠡᠰᠢ ᠦᠭᠡᠢ ᠪᠠᠶᠢᠩᠭᠤ ᠠᠳᠬᠤᠬᠤ ᠬᠡᠷᠡᠭᠲᠡᠢ᠃ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠶᠢ ᠪᠠᠲᠤᠯᠠᠬᠤ ᠶᠢᠨ ᠲᠥᠯᠥᠭᠡ᠂ ᠶᠡᠭᠡ ᠠᠩᠭᠢ ᠶᠢᠨ ᠬᠢᠨ ᠨᠢᠭᠡᠨᠲᠡ ᠬᠡᠷ ᠤᠨ ᠭᠠᠳᠠᠨᠠᠬᠢ ᠵᠠᠷ ᠮᠡᠳᠡᠭᠡ᠂ ᠳᠡᠯᠭᠡᠭᠦᠷ ᠤᠨ ᠫᠠᠶᠢᠰᠠ ᠢᠯᠡᠷᠬᠡᠶᠢᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠭᠤᠤᠯᠳᠠᠯᠭ᠎ᠠ ᠲᠠᠢ ᠠᠵᠢᠯ ᠳᠤ ᠣᠷᠣᠭᠤᠯᠪᠠ᠃ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠬᠤ ᠪᠠᠷ ᠳᠠᠮᠵᠢᠭᠤᠯᠤᠨ᠂ ᠡᠷᠲᠡ ᠢᠯᠡᠷᠡᠭᠦᠯᠵᠦ᠂ ᠡᠷᠲᠡ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠶ᠃ ᠲᠣᠭᠤᠷᠢᠨ ᠪᠠᠶᠢᠴᠠᠭᠠᠬᠤ ᠶᠠᠪᠤᠴᠠ ᠳᠤ᠂ ᠢᠯᠡᠷᠡᠭᠦᠯᠦᠭᠰᠡᠨ ᠠᠰᠠᠭᠤᠳᠠᠯ᠂ ᠵᠢᠱᠢᠶᠡᠯᠡᠪᠡᠯ ᠵᠠᠷ ᠤᠨ ᠫᠠᠶᠢᠰᠠ ᠶᠢᠨ ᠪᠣᠷᠣᠭᠠᠨ ᠤ ᠤᠰᠤ ᠵᠢᠪᠡᠷᠡᠭᠰᠡᠨ ᠠᠴᠠ ᠪᠣᠯᠵᠣ ᠥᠩᠭᠡᠨ ᠲᠠᠯ᠎ᠠ ᠡᠪᠳᠡᠭᠳᠡᠭᠰᠡᠨ᠂ ᠲᠡᠮᠦᠷ ᠤᠨ ᠵᠢᠶᠠᠰᠠ ᠰᠤᠯᠠᠷᠠᠭᠰᠠᠨ ᠵᠡᠷᠭᠡ ᠠᠮᠤᠷ ᠲᠦᠪᠰᠢᠨ ᠤ ᠳᠠᠯᠳᠠ ᠬᠡᠮ ᠢ ᠳᠠᠷᠦ᠋ᠢᠬᠠᠨ ᠵᠣᠬᠢᠶᠠᠨ ᠪᠠᠶᠢᠭᠤᠯᠤᠨ ᠨᠤᠷᠠᠭᠠᠵᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃     ᠲᠠᠷᠠᠭᠠᠴᠢ ᠶᠢᠨ ᠠᠯᠬᠤᠮ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠪᠠᠶᠢᠩᠭᠤᠵᠢᠭᠤᠯᠤᠨ ᠥᠷᠨᠢᠭᠦᠯᠵᠦ᠂ ᠬᠤᠳᠠᠯᠳᠤᠭᠠᠴᠢᠨ ᠡᠷᠦᠬᠡ ᠶᠢ ᠰᠢᠮᠳᠠᠭᠤᠯᠵᠤ ᠪᠠᠶᠢᠭᠠᠳ ᠡᠪᠳᠡᠭᠳᠡᠭᠰᠡᠨ ᠵᠠᠷ ᠮᠡᠳᠡᠭᠡ ᠶᠢᠨ ᠫᠠᠶᠢᠰᠠ ᠶᠢ ᠴᠠᠭ ᠲᠤᠬᠠᠶ ᠳᠤᠨᠢ ᠵᠠᠰᠠᠨ ᠰᠡᠷᠭᠦᠭᠡᠬᠦ ᠶᠢᠨ ᠬᠠᠮᠲᠤ ᠬᠤᠳᠠᠯᠳᠤᠭᠠᠴᠢᠨ ᠡᠷᠦᠬᠡ ᠳᠤ ᠵᠠᠷ ᠮᠡᠳᠡᠭᠡ ᠶᠢᠨ ᠫᠠᠶᠢᠰᠠ ᠶᠢᠨ ᠡᠳᠦᠷ ᠲᠤᠲᠤᠮ ᠤᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ ᠭᠡᠵᠦ ᠰᠠᠨᠠᠭᠤᠯᠪᠠ᠃ ᠡᠭᠦᠨ ᠤ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠥᠷᠭᠡᠨ ᠣᠯᠠᠨ ᠲᠦᠮᠡᠨ ᠳᠤ ᠴᠡᠪᠡᠷ ᠴᠡᠮᠴᠡᠭᠡᠷ᠂ ᠠᠮᠤᠷ ᠲᠦᠪᠰᠢᠨ ᠠᠮᠢᠳᠤᠷᠠᠯ ᠤᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠵᠤ ᠥᠭᠭᠦᠨ᠎ᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号