ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠬᠢᠭᠡᠳ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠨ ᠲᠠᠢ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠣᠶᠤᠨᠴᠢ ᠡᠨᠧᠷᠭᠢ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠴᠣᠭᠴᠠᠯᠠᠪᠠ
ᠨᠡᠶᠢᠲᠡᠯᠡᠭᠰᠡᠨ ᠴᠠᠭ᠄
2024/8/5
    ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯᠤᠨ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠨ ᠲᠠᠢ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠬᠠᠮᠲᠤᠷᠠᠯᠴᠠᠨ ᠡᠷᠭᠢᠯᠡᠭᠰᠡᠨ ᠬᠤᠶᠠᠳᠤᠭᠠᠷ ᠬᠤᠭᠤᠴᠠᠭᠠᠨ ᠤ ᠣᠶᠤᠨᠴᠢ ᠡᠨᠧᠷᠭᠢ ᠶᠢᠨ ᠠᠩᠭᠢ ᠶᠢᠨ ᠪᠤᠭᠤᠲᠤ ᠶᠢᠨ ᠰᠤᠳᠤᠯᠤᠨ ᠰᠤᠷᠤᠯᠴᠠᠬᠤ ᠠᠵᠢᠯᠯᠠᠭ᠎ᠠ ᠣᠶᠢᠷ᠎ᠠ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠲᠣᠰ ᠤᠳᠠᠭᠠᠨ ᠤ ᠠᠵᠢᠯᠯᠠᠭ᠎ᠠ ᠨᠢ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠢᠶᠠᠷ ᠪᠠᠷᠠᠬᠤ ᠥᠬᠡᠶ ᠪᠠᠰᠠ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠪᠠᠲᠤ ᠪᠠᠬᠢ ᠬᠥᠭᠦᠷᠭᠡ ᠶᠢ ᠪᠠᠶᠢᠭᠤᠯᠤᠭᠰᠠᠨ ᠪᠠᠶᠢᠨ᠎ᠠ᠃     7 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠨ ᠲᠠᠢ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠰᠣᠳᠣᠨ ᠰᠤᠷᠤᠭᠴᠢᠳ ᠪᠤᠭᠤᠲᠤ ᠳᠤ ᠴᠤᠭᠯᠠᠷᠠᠵᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠰᠤᠷᠤᠯᠴᠠᠨ ᠰᠣᠯᠢᠯᠴᠠᠬᠤ᠂ ᠬᠠᠷᠢᠯᠴᠠᠨ ᠦᠢᠯᠡᠳᠦᠯᠴᠡᠵᠦ ᠰᠤᠳᠤᠯᠤᠨ ᠰᠤᠷᠤᠯᠴᠠᠬᠤ ᠵᠢᠴᠢ ᠠᠵᠤ ᠦᠢᠯᠡᠰ ᠢ ᠭᠦᠨᠵᠡᠭᠡᠶ ᠵᠣᠯᠭᠠᠭᠤᠯᠬᠤ ᠪᠠᠷ ᠳᠠᠮᠵᠢᠭᠤᠯᠤᠨ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠦᠢᠯᠡᠰ ᠤᠨ ᠳᠠᠪᠠᠭᠤᠯᠢᠭ ᠪᠠ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠶ ᠣᠶᠢᠯᠠᠭᠠᠪᠠ᠃     ᠠᠵᠢᠯᠯᠠᠭ᠎ᠠ ᠶᠢ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠳᠠᠭᠠᠭᠠᠴᠢᠯᠠᠨ ᠡᠷᠭᠢᠯᠡᠵᠦ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠵᠢᠯ ᠲᠥᠷᠥᠯ ᠤᠨ ᠰᠤᠳᠤᠯᠭᠠᠨ ᠤ ᠬᠦᠷᠢᠶᠡᠯᠡᠩ ᠵᠢᠴᠢ ᠠᠨ ᠲᠠᠢ ᠰᠤᠷᠭᠠᠭᠤᠯᠢ ᠶᠢᠨ ᠨᠠᠶᠢᠵᠠ ᠨᠠᠷ ᠬᠢᠭᠡᠳ ᠬᠥᠭᠵᠢᠯᠲᠡ ᠶᠢᠨ ᠬᠤᠯᠪᠣᠭ᠎ᠠ ᠠᠪᠬᠤ ᠠᠯᠪᠠᠨ ᠬᠡᠷ᠂ EMBA ᠲᠥᠪ᠂ MBA ᠲᠥᠪ᠂ EE ᠲᠥᠪ ᠤᠨ ᠪᠥᠬᠦ ᠬᠦᠴᠦᠨ ᠤ ᠳᠡᠮᠵᠢᠯᠭᠡ ᠪᠠ ᠬᠠᠮᠵᠢᠯᠴᠠᠭ᠎ᠠ ᠵᠢᠴᠢ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠤᠨ ᠬᠠᠪᠰᠤᠷᠤᠯᠭ᠎ᠠ ᠶᠢ ᠤᠯᠪᠠ᠃ ᠲᠣᠰ ᠤᠳᠠᠭᠠᠨ ᠤ ᠠᠵᠢᠯᠯᠠᠭ᠎ᠠ ᠨᠢ ᠰᠤᠷᠭᠠᠭᠤᠯᠢ ᠠᠴᠠ ᠡᠷᠬᠢᠯᠡᠭᠰᠡᠨ ᠠᠵᠤ ᠠᠬᠤᠶᠢᠯᠠᠯ ᠂ ᠰᠤᠷᠭᠠᠭᠤᠯᠢ ᠶᠢᠨ ᠨᠠᠶᠢᠵᠠ ᠶᠢᠨ ᠠᠵᠤ ᠠᠬᠤᠶᠢᠯᠠᠯ ᠵᠢᠴᠢ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠤᠨ ᠮᠠᠰᠢ ᠣᠯᠠᠨ ᠰᠣᠳᠣᠨ ᠬᠥᠮᠦᠰ ᠢ ᠴᠤᠭᠯᠠᠷᠠᠭᠤᠯᠵᠤ᠂ ᠬᠤᠪᠣᠷ ᠰᠢᠷᠣᠶ ᠶᠢᠨ ᠠᠵᠤ ᠦᠢᠯᠡᠰ ᠤᠨ ᠰᠢᠨ᠎ᠡ ᠠᠵᠠ ᠲᠣᠬᠢᠶᠠᠯ ᠬᠢᠭᠡᠳ ᠰᠢᠨ᠎ᠡ ᠴᠢᠭᠯᠡᠯ ᠢ ᠬᠠᠮᠲᠤ ᠪᠠᠷ ᠡᠷᠢᠯᠬᠢᠯᠡᠪᠡ᠃
    ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠬᠤᠭᠤᠴᠠᠭᠠᠨ ᠳᠤ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠰᠢᠨ᠎ᠡ ᠮᠠᠲ᠋ᠧᠷᠢᠶᠠᠯ ᠤᠨ ᠠᠵᠤ ᠦᠶ᠋ᠯᠡᠰ ᠤᠨ ᠬᠦᠷᠢᠶᠡᠯᠡᠩ ᠳᠤ ᠪᠠᠰᠠ ᠰᠢᠨ᠎ᠡ ᠡᠨᠧᠷᠭᠢ ᠶᠢᠨ ᠬᠥᠭᠵᠢᠯᠲᠡ ᠬᠢᠭᠡᠳ ᠴᠢᠭᠯᠡᠯ ᠤᠨ ᠬᠠᠮᠢᠶ᠎ᠠ ᠪᠥᠬᠦᠶ ᠲᠠᠶᠢᠯᠤᠮᠵᠢ ᠵᠢᠴᠢ ᠥᠪᠥᠷ ᠮᠣᠩᠭᠤᠯ ᠤᠨ ᠡᠬᠢ ᠪᠠᠶᠠᠯᠢᠭ ᠢ ᠵᠣᠯᠭᠠᠭᠤᠯᠬᠤ ᠰᠤᠳᠤᠯᠤᠨ ᠶᠠᠷᠢᠯᠴᠠᠬᠤ ᠬᠤᠷᠠᠯ ᠡᠷᠭᠢᠯᠡᠪᠡ᠃ ᠠᠵᠤ ᠠᠬᠤᠶᠢᠯᠠᠯᠲᠠᠳ ᠰᠢᠨ᠎ᠡ ᠡᠨᠧᠷᠭᠢ ᠶᠢᠨ ᠠᠵᠤ ᠦᠢᠯᠡᠰ ᠤᠨ ᠣᠳᠣᠬᠢ ᠪᠠᠶᠢᠳᠠᠯ ᠪᠣᠯᠤᠨ ᠢᠷᠡᠭᠡᠳᠦᠢ ᠶᠢᠨ ᠬᠥᠭᠵᠢᠯᠲᠡ ᠶᠢᠨ ᠬᠠᠨᠳᠤᠰᠢ ᠶᠢᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠬᠠᠩᠭᠠᠵᠠᠢ᠃    ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠳᠠᠷᠤᠭ᠎ᠠ ᠬᠤ᠋ ᠭᠦᠸᠧ ᠵᠦ ᠢᠯᠡᠷᠭᠡᠶᠢᠯᠡᠭᠰᠡᠨ ᠨᠢ᠂ ᠪᠤᠭᠤᠲᠤ ᠬᠤᠲᠠ ᠶᠠᠭ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠰᠢᠰᠲ᠋ᠧᠮ ᠢ ᠪᠠᠶᠢᠭᠤᠯᠬᠤ ᠪᠠᠷ ᠴᠢᠷᠮᠠᠶᠢᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ ᠭᠡᠵᠡᠶ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠲᠥᠪ ᠠᠴᠠ ᠥᠪᠥᠷ ᠮᠣᠩᠭᠤᠯ ᠳᠤ ᠲᠤᠰᠢᠶᠠᠭᠰᠠᠨ ᠤᠯᠤᠰ ᠲᠥᠷᠥ ᠶᠢᠨ ᠡᠭᠦᠷᠭᠡ ᠶᠢᠨ ᠭᠤᠤᠯ ᠳᠠᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠪᠥᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠥᠬᠦ ᠳᠡᠯᠡᠬᠡᠶ ᠶᠢᠨ ᠲᠡᠷᠢᠭᠦᠨ ᠤ ᠬᠤᠪᠣᠷ ᠰᠢᠷᠣᠶ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠬᠤ ᠪᠣᠯᠤᠨ᠎ᠠ᠃ ᠲᠡᠷᠡ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠨ ᠲᠠᠢ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠰᠤᠷᠤᠭᠴᠢᠳ ᠪᠤᠭᠤᠲᠤ ᠳᠤ ᠢᠷᠡᠭᠰᠡᠨ ᠢ ᠬᠠᠯᠠᠭᠤᠨ ᠢᠶᠠᠷ ᠤᠭᠲᠤᠬᠤ ᠶᠢᠨ ᠬᠠᠮᠲᠤ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠪᠡ᠃      ᠲᠣᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠪᠣᠯᠤᠨ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ  ᠠᠨ ᠲᠠᠢ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠤᠶᠠᠷ ᠲᠠᠯ᠎ᠠ ᠶᠢᠨ ᠢᠷᠡᠭᠡᠳᠦᠶ ᠶᠢᠨ ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠣᠷᠣᠨ ᠵᠠᠢ ᠪᠠᠨ ᠥᠷᠭᠡᠳᠬᠡᠵᠦ᠂ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠨᠡᠭᠡᠭᠡᠨ᠎ᠡ ᠭᠡᠵᠦ ᠢᠯᠡᠳᠬᠡᠪᠡ᠃      ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠡᠭᠡᠭᠡᠯᠲᠡᠲᠡᠶ ᠪᠠᠭᠲᠠᠭᠠᠮᠵᠢᠲᠠᠶ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢᠨ ᠣᠨᠣᠯᠵᠢᠬᠤᠨ ᠢ ᠦᠷᠭᠦᠯᠵᠢᠯᠡᠨ ᠪᠠᠷᠢᠮᠲᠠᠯᠠᠵᠤ᠂ ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠮᠡᠷᠭᠡᠵᠢᠯ ᠤᠨ ᠳᠡᠮᠵᠢᠯᠭᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠬᠤᠪᠣᠷ ᠰᠢᠷᠣᠶ ᠶᠢᠨ ᠠᠵᠤ ᠦᠢᠯᠡᠰ ᠤᠨ ᠳᠡᠭᠡᠳᠦ ᠳᠡᠰᠵᠢᠬᠦ᠂ ᠤᠶᠤᠨᠴᠢᠯᠠᠬᠤ᠂ ᠪᠣᠬᠢᠷᠲᠤᠯ ᠥᠬᠡᠶ ᠬᠥᠭᠵᠢᠬᠦ ᠰᠢᠨ᠎ᠡ ᠱᠠᠲᠤᠨ ᠳᠤ ᠲᠠᠰᠤᠷᠠᠯᠲᠠ ᠥᠬᠡᠶ ᠣᠷᠣᠬᠤ ᠶᠢ ᠠᠬᠢᠭᠤᠯᠤᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号