ᠦᠰᠦᠭ ᠪᠢᠴᠢᠭ ᠢᠶᠠᠷ ᠥᠭᠦᠯᠡᠬᠦᠢ᠄ ︽ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠤᠭᠤᠲᠤ ᠬᠤᠲᠠ ᠶᠢᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ︿ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ﹀ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/5
    ᠪᠤᠭᠤᠲᠤ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ︽ᠪᠤᠭᠤᠲᠤ ᠬᠤᠲᠠ ᠶᠢᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ︿ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ﹀ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠠᠷᠢᠨ ᠲᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠲᠤᠭᠤᠷᠪᠢᠵᠤ᠂ ᠡᠳᠦᠭᠡ ᠲᠤᠭᠤᠷᠪᠢᠨ ᠪᠢᠴᠢᠭᠰᠡᠨ ᠪᠠᠶᠢᠳᠠᠯ ᠤᠨ ᠲᠤᠬᠠᠶ ᠳᠣᠤᠷᠠᠬᠢ ᠮᠡᠲᠦ ᠲᠣᠳᠣᠷᠬᠠᠶᠢᠯᠠᠶ᠎ᠠ᠄     ᠨᠢᠭᠡ᠂ ︽ᠬᠡᠷᠡᠭᠵᠢᠭᠦᠯᠬᠦ ᠨᠠᠷᠢᠨ ᠳᠦᠷᠢᠮ︾ ᠢ ᠲᠤᠭᠤᠷᠪᠢᠭᠰᠠᠨ ᠠᠬᠤᠶ ᠪᠠᠶᠢᠳᠠᠯ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ ᠲᠣᠭᠲᠠᠭᠤᠨ ᠢᠶᠠᠷ ᠠᠬᠢᠭᠤᠯᠵᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2024﹈ 6 ᠳ᠋ᠤᠭᠠᠷ ᠲᠣᠭᠠᠲᠤ︶ ︽ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠣᠭᠤᠲᠤ ᠵᠠᠰᠠᠭ ᠠᠯᠪᠠᠨ ᠲᠠᠷᠬᠠᠭᠠᠭᠰᠠᠨ ﹇2023﹈ 102 ᠳ᠋ᠤᠭᠠᠷ ᠲᠣᠭᠠᠲᠤ︶ ︽ᠪᠤᠭᠤᠲᠤ ᠬᠤᠲᠠ ᠶᠢᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠣᠭᠤᠲᠤ ᠵᠠᠰᠠᠭ ᠠᠯᠪᠠᠨ ᠲᠠᠷᠬᠠᠭᠠᠭᠰᠠᠨ ﹇2022﹈ 122 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠬᠤᠲᠠ ᠶᠢᠨ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠨᠠᠩ ᠰᠠᠶᠢᠲᠤᠷ ᠠᠬᠢᠭᠤᠯᠵᠤ᠂ ᠰᠢᠤᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠢᠳᠡᠪᠬᠢᠵᠢᠯ ᠢ ᠳᠠᠶᠢᠴᠢᠯᠠᠨ᠂ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢ ᠵᠠᠰᠠᠭ ᠵᠠᠬᠢᠷᠭᠠᠨ ᠤ ᠲᠣᠰᠬᠤᠨ ᠬᠦᠷᠲᠡᠯ᠎ᠡ ᠤᠷᠲᠤᠳᠬᠠᠬᠤ ᠶᠢ ᠠᠬᠢᠭᠤᠯᠵᠤ᠂ ᠬᠡᠷᠡᠭᠯᠡᠭᠡᠨ ᠤ ᠵᠦᠢᠯᠡᠰ ᠢ ᠬᠥᠳᠡᠭᠡ ᠲᠣᠰᠬᠤᠨ ᠳᠤ ᠬᠦᠷᠭᠡᠬᠦ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠣᠰᠬᠤᠨ ᠠᠴᠠ ᠬᠤᠲᠠ ᠳᠤ ᠣᠷᠣᠭᠤᠯᠬᠤ ᠬᠤᠤᠰ ᠴᠢᠭᠯᠡᠯ ᠢᠶᠠᠷ ᠰᠠᠭᠠᠳ ᠥᠬᠡᠶ ᠨᠡᠪᠲᠡᠷᠡᠬᠦ ᠮᠠᠯᠵᠢᠬᠤ ᠲᠠᠷᠢᠶᠠᠯᠠᠬᠤ ᠣᠷᠣᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃     ᠬᠤᠶᠠᠷ᠂ ︽ᠬᠡᠷᠡᠭᠵᠢᠭᠦᠯᠬᠦ ᠨᠠᠷᠢᠨ ᠳᠦᠷᠢᠮ︾ ᠤᠨ ᠭᠤᠣᠯ ᠠᠭᠤᠯᠭ᠎ᠠ     ︽ᠬᠡᠷᠡᠭᠵᠢᠭᠦᠯᠬᠦ ᠨᠠᠷᠢᠨ ᠲᠦᠷᠢᠮ︾ ᠳᠤ ᠶᠡᠷᠦᠩᠬᠡᠶ ᠲᠦᠷᠢᠮ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠨᠥᠬᠦᠪᠥᠷᠢ ᠶᠢᠨ ᠬᠡᠪᠴᠢᠶ᠎ᠡ ᠵᠢᠴᠢ ᠪᠠᠷᠢᠮᠵᠢᠶ᠎ᠠ᠂ ᠨᠥᠬᠦᠪᠥᠷᠢ ᠶᠢᠨ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠰᠠᠯᠭᠠᠨ ᠥᠭᠬᠦ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠵᠡᠷᠭᠡ ᠳᠥᠷᠪᠡᠨ ᠬᠡᠰᠡᠭ ᠲᠤ ᠨᠡᠶᠢᠲᠡ ᠠᠷᠪᠠᠨ ᠲᠠᠪᠤᠨ ᠵᠦᠢᠯ ᠪᠠᠭᠲᠠᠨ᠎ᠠ᠃     ︵ᠨᠢᠭᠡ︶ ᠶᠡᠷᠦᠩᠬᠡᠶ ᠲᠦᠷᠢᠮ ᠳᠤ ︽ᠬᠡᠷᠡᠭᠵᠢᠭᠦᠯᠬᠦ ᠨᠠᠷᠢᠨ ᠲᠦᠷᠢᠮ︾ ᠳᠤ ᠡᠰᠢᠯᠡᠨ ᠬᠡᠷᠡᠭᠯᠡᠭᠰᠡᠨ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠠᠷᠢᠨ ᠲᠣᠳᠣᠷᠬᠠᠶᠢᠯᠠᠵᠤ᠂ ᠵᠣᠷᠢᠯᠭ᠎ᠠ ᠂ ᠠᠴᠢ ᠬᠤᠯᠪᠣᠭᠳᠠᠯ ᠢ ᠲᠠᠨᠢᠯᠴᠠᠭᠤᠯᠪᠠ᠃    ︵ᠬᠤᠶᠠᠷ︶ ᠲᠦᠷᠭᠡᠨ ᠬᠦᠷᠭᠡᠯᠲᠡ ᠶᠢᠨ ᠲᠣᠰᠬᠤᠨ ᠳᠤ ᠣᠷᠣᠬᠤ ᠨᠥᠬᠦᠪᠥᠷᠢ ᠶᠢᠨ ᠬᠡᠪᠴᠢᠶ᠎ᠡ ᠵᠢᠴᠢ ᠪᠠᠷᠢᠮᠵᠢᠶ᠎ᠠ ᠶᠢᠨ ᠬᠡᠰᠡᠭ ᠲᠤ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠲᠤᠬᠢᠷᠠᠭᠤᠯᠤᠨ ᠬᠦᠷᠭᠡᠬᠦ ᠲᠤᠬᠠᠶᠢᠯᠠᠭᠰᠠᠨ ᠠᠵᠢᠯ ᠢ ᠪᠣᠳᠠᠲᠠᠢ ᠬᠠᠩᠭᠠᠬᠤ ᠰᠢᠤᠳᠠᠨ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ᠂ ᠭᠤᠷᠪᠠᠳᠠᠬᠢ ᠡᠲᠡᠭᠡᠳ ᠤᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠨᠥᠬᠦᠪᠥᠷᠢ ᠥᠭᠬᠦ ᠶᠢ ᠲᠣᠳᠣᠷᠬᠠᠶᠢᠯᠠᠪᠠ᠃ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠨᠥᠬᠦᠪᠥᠷᠢ ᠶᠢ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠠᠩᠰᠠᠨ ᠬᠡᠮᠵᠢᠶ᠎ᠡ᠂ ᠲᠠᠩ ᠵᠦᠢᠯ ᠤᠨ ᠥᠪᠡᠷ ᠤᠨ ᠥᠷᠲᠡᠭ ᠪᠠ ᠦᠢᠯᠡᠴᠢᠯᠡᠭᠡ ᠡᠭᠦᠰᠬᠦ ᠣᠷᠣᠨ ᠪᠦᠰᠡ ᠵᠡᠷᠭᠡ ᠪᠠᠷ ᠦᠨᠳᠦᠰᠦᠯᠡᠯ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠲᠦᠮᠡᠳ ᠪᠠᠷᠠᠭᠤᠨ ᠬᠤᠰᠢᠭᠤ᠂ ᠭᠦᠶᠡᠩ ᠰᠢᠶᠠᠨ ᠤ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠬᠠᠭᠤᠳᠠᠰᠤ ᠪᠦᠷᠢ ᠳᠤ 0.3 ᠲᠥᠭᠦᠷᠢᠭ ᠨᠥᠬᠦᠪᠥᠷᠢᠯᠡᠵᠦ᠂ ᠬᠤᠲᠠ ᠶᠢᠨ ᠳᠥᠷᠪᠡᠨ ᠲᠣᠭᠤᠷᠢᠭ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠵᠢᠴᠢ ᠰᠢᠭᠤᠶᠢᠲᠤ ᠲᠣᠭᠤᠷᠢᠭ ᠤᠨ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠬᠠᠭᠤᠳᠠᠰᠤ ᠪᠦᠷᠢ ᠳᠤ 0.2 ᠲᠥᠭᠦᠷᠢᠭ ᠨᠥᠬᠦᠪᠥᠷᠢᠯᠡᠨ᠎ᠡ᠃ ᠨᠥᠬᠦᠪᠥᠷᠢ ᠶᠢᠨ ᠬᠤᠭᠤᠴᠠᠭ᠎ᠠ ᠶᠢ 2022 ᠣᠨ ᠤ 10 ᠳ᠋ᠤᠭᠠᠷ ᠰᠠᠷ᠎ᠠ ᠠᠴᠠ 2025 ᠣᠨ ᠤ 8 ᠳ᠋ᠤᠭᠠᠷ ᠰᠠᠷ᠎ᠠ ᠶᠢᠨ 29 ᠤ ᠡᠳᠦᠷ᠂ ᠲᠠᠷᠠᠭᠠᠴᠢ ᠶᠢᠨ ᠲᠥᠷᠥ ᠶᠢᠨ ᠪᠣᠳᠣᠯᠭ᠎ᠠ ᠶᠢ ᠳᠡᠭᠡᠳᠦ ᠱᠠᠳᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃     ︵ᠭᠤᠷᠪᠠ︶ ᠨᠥᠬᠦᠪᠥᠷᠢ ᠶᠢᠨ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠰᠠᠯᠭᠠᠨ ᠥᠭᠬᠦ ᠬᠡᠰᠡᠭ ᠲᠤ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠰᠠᠯᠭᠠᠨ ᠥᠭᠬᠦ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠪᠠ᠃     ︵ᠲᠦᠷᠪᠡ︶ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠬᠡᠰᠡᠭ ᠲᠤ ᠨᠥᠬᠦᠪᠥᠷᠢ ᠪᠡᠯᠡ ᠮᠥᠩᠭᠦ ᠶᠢ ᠬᠡᠷᠡᠭᠵᠢᠭᠦᠯᠬᠦ᠂ ᠬᠡᠷᠡᠭᠯᠡᠬᠦ ᠵᠡᠷᠭᠡ ᠲᠠᠯ᠎ᠠ ᠪᠠᠷ ᠬᠢ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠶᠢᠨ ᠲᠤᠬᠠᠶ ᠲᠣᠭᠲᠠᠭᠠᠯ ᠭᠠᠷᠭᠠᠪᠠ᠃     ︵ᠲᠠᠪᠤ︶ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠨᠥᠬᠦᠪᠥᠷᠢ ᠶᠢᠨ ᠪᠠᠯᠠ ᠮᠥᠩᠭᠦ ᠶᠢᠨ ᠮᠡᠳᠡᠭᠦᠯᠦᠯᠲᠡ ᠶᠢ ᠵᠢᠷᠤᠮᠵᠢᠭᠤᠯᠬᠤ ᠶᠢ ᠪᠠᠲᠤᠯᠠᠬᠤ ᠶᠢᠨ ᠲᠥᠯᠥᠭᠡ᠂ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠶᠢ ᠲᠣᠭᠲᠠᠭᠠᠵᠤ᠂ ᠭᠤᠶᠤᠴᠢᠯᠠᠯ ᠤᠨ ᠬᠦᠰᠦᠨᠦᠭᠲᠦ ᠶᠢ ᠲᠣᠭᠲᠠᠭᠠᠪᠠ᠃
 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号