7 ᠳ᠋ᠤᠭᠠᠷ ᠰᠠᠷ᠎ᠠ ᠶᠢᠨ 19 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠠᠴᠠ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ | ᠬᠠᠭᠤᠴᠢᠨ ᠢᠶᠠᠨ ᠰᠢᠨ᠎ᠡ ᠪᠠᠷ ᠰᠣᠯᠢᠬᠤ ᠶᠢ ᠨᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ | ᠪᠠᠶᠢᠷᠢᠯᠠᠭᠤᠯᠪᠠ᠃ ᠬᠤᠷᠠᠯ ᠠᠴᠠ ᠵᠢᠭᠠᠬᠤ ᠳᠤ ᠪᠠᠨ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠪᠠᠨ ᠰᠢᠨᠡᠳᠬᠡᠬᠦ | ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠶᠠᠪᠤᠳᠠᠯ ᠨᠢ ᠲᠠᠲᠠᠬᠤ ᠴᠢᠨᠠᠷ ᠳᠠᠶᠢᠴᠢᠯᠠᠬᠤ | ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠲᠦᠷᠦ ᠶᠢᠨ ᠪᠤᠳᠤᠯᠭ᠎ᠠ ᠪᠠᠷ ᠳᠡᠮᠵᠢᠬᠦ ᠳᠤ ᠡᠷᠴᠢᠮ ᠢᠶᠠᠨ ᠴᠢᠩᠭᠠᠷᠠᠭᠤᠯᠬᠤ | ᠨᠢ ᠳᠣᠲᠣᠭᠠᠳᠤ ᠬᠡᠷᠡᠭᠴᠡᠭᠡᠨ ᠤ ᠳᠠᠯᠳᠠ ᠬᠦᠴᠦ ᠶᠢ ᠨᠡᠩ ᠰᠠᠶᠢᠲᠤᠷ ᠪᠠᠳᠠᠷᠠᠭᠤᠯᠬᠤ ᠳᠤ ᠠᠰᠢᠭᠲᠠᠢ ᠶᠤᠮ᠂ | ᠳᠠᠷᠠᠭᠠᠴᠢ ᠶᠢᠨ ᠵᠦᠢᠯ ᠢ ᠬᠠᠮᠲᠤ ᠳᠤ ᠪᠠᠨ ᠦᠵᠡᠵᠡᠭᠡᠶ᠎ᠡ — | ᠬᠡᠳᠦ ᠤᠷᠲᠤ ᠬᠤᠭᠤᠴᠠᠭ᠎ᠠ ᠲᠠᠢ ᠤᠯᠤᠰ ᠤᠨ ᠣᠨᠴᠠᠭᠠᠢ ᠵᠢᠭᠡᠯᠡᠯᠭᠡ ᠶᠢᠨ ᠪᠡᠯᠡ ᠮᠥᠩᠭᠦ ᠶᠢ ᠨᠢᠭᠡᠳᠦᠯᠲᠡᠶ | ᠲᠥᠯᠥᠪᠯᠡᠨ ᠲᠣᠬᠢᠷᠠᠭᠤᠯᠵᠤ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡ ᠶᠢᠨ | ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ | ᠲᠣᠨᠤᠭ ᠲᠥᠬᠦᠭᠡᠷᠦᠮᠵᠢ ᠪᠠᠨ ᠰᠢᠨᠡᠳᠬᠡᠬᠦ ᠲᠦᠷᠦᠯ ᠵᠦᠢᠯ ᠢ ᠳᠡᠮᠵᠢᠬᠦ ᠠᠷᠭ᠎ᠠ ᠬᠡᠯᠪᠡᠷᠢ ᠪᠠᠨ ᠰᠢᠯᠢᠳᠡᠭᠵᠢᠭᠦᠯᠵᠦ | ᠂ ᠳᠡᠮᠵᠢᠬᠦ ᠬᠡᠪᠴᠢᠶ᠎ᠡ ᠶᠢ ᠡᠨᠧᠷᠭᠢ ᠶᠢᠨ ᠴᠠᠬᠢᠯᠭᠠᠨ ᠬᠦᠴᠦᠨ᠂ ᠬᠠᠭᠤᠴᠢᠷᠠᠭᠰᠠᠨ ᠴᠠᠬᠢᠯᠭᠠᠨ ᠱᠠᠲᠤ ᠵᠡᠷᠭᠡ | ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠵᠢᠴᠢ ᠭᠤᠤᠯᠳᠠᠯᠭ᠎ᠠ ᠪᠣᠯᠬᠤ ᠠᠵᠢᠯ ᠲᠥᠷᠥᠯ ᠤᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠠᠮᠤᠷ ᠲᠦᠪᠰᠢᠨ ᠤ ᠥᠭᠡᠷᠡᠴᠢᠯᠡᠨ | ᠰᠢᠨᠡᠳᠭᠡᠬᠦ ᠬᠦᠷᠢᠶᠡᠨ ᠳᠤ ᠬᠦᠷᠲᠡᠯ᠎ᠡ ᠥᠷᠭᠡᠳᠬᠡᠵᠦ᠂ ᠭᠤᠶᠤᠴᠢᠯᠠᠨ ᠮᠡᠳᠡᠭᠦᠯᠬᠦ ᠪᠠᠷᠢᠮᠵᠢᠶ᠎ᠠ ᠶᠢ ᠨᠢ | ᠳᠣᠷᠣᠭᠰᠢᠯᠠᠭᠤᠯᠤᠨ᠂ ᠬᠢᠨᠠᠨ ᠵᠥᠪᠰᠢᠶᠡᠷᠡᠬᠦ ᠶᠠᠪᠤᠴᠠ ᠶᠢ ᠨᠢ ᠳᠥᠭᠦᠮᠴᠢᠯᠡᠨ᠎ᠡ᠃ ᠲᠡᠭᠡᠭᠡᠪᠦᠷᠢ ᠶᠢᠨ ᠬᠠᠭᠤᠴᠢᠷᠬᠠᠰᠠᠨ | ᠣᠩᠭᠤᠴᠠ ᠰᠠᠯ᠂ ᠲᠡᠭᠡᠭᠡᠪᠦᠷᠢ ᠡᠵᠡᠩᠨᠡᠵᠦ ᠪᠠᠶᠢᠭ᠎ᠠ ᠬᠠᠭᠤᠴᠢᠷᠬᠠᠰᠠᠨ ᠪᠠᠷᠠᠭᠠᠨ ᠤ ᠮᠠᠰᠢᠨ ᠲᠡᠷᠭᠡ ᠶᠢ | ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠨᠢ ᠳᠡᠮᠵᠢᠵᠦ᠂ ᠲᠠᠷᠢᠶᠠᠯᠠᠩ ᠤᠨ ᠮᠠᠰᠢᠨ ᠮᠧᠬᠠᠨᠢᠭ᠂ ᠰᠢᠨ᠎ᠡ | ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠡᠷᠭᠡ ᠶᠢ ᠰᠢᠨᠡᠳᠬᠡᠬᠦ ᠳᠤ ᠨᠥᠬᠦᠪᠥᠷᠢ ᠣᠯᠭᠤᠬᠤ ᠪᠠᠷᠢᠮᠵᠢᠶ᠎ᠠ ᠶᠢ | ᠳᠡᠭᠡᠭᠰᠢᠯᠡᠭᠦᠯᠦᠨ᠂ ᠲᠥᠬᠦᠭᠡᠷᠦᠮᠵᠢ ᠶᠢ ᠰᠢᠨᠡᠳᠬᠡᠬᠦ ᠵᠢᠭᠡᠯᠡᠯᠭᠡ ᠡᠳ᠋ ᠤᠨ ᠵᠠᠰᠠᠭ ᠤᠨ ᠳᠠᠮ ᠬᠦᠦ ᠮᠥᠩᠬᠦ ᠥᠭᠬᠦ | ᠬᠠᠷᠢᠴᠠᠯ ᠢ ᠨᠢ ᠳᠡᠭᠡᠭᠰᠢᠯᠡᠭᠦᠯᠦᠨ᠎ᠡ᠃ | ᠣᠷᠣᠨ ᠨᠤᠲᠤᠭ ᠤᠨ ᠬᠢᠨ ᠤ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ | ᠴᠢᠳᠠᠪᠤᠷᠢ ᠪᠠᠨ ᠴᠢᠩᠭᠠᠳᠬᠠᠬᠤ ᠶᠢ ᠳᠡᠮᠵᠢᠵᠦ᠂ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ᠂ | ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠦᠢᠯᠡᠳᠬᠦᠨ ᠢᠶᠠᠨ ᠰᠢᠨ᠎ᠡ ᠪᠠᠷ ᠰᠣᠯᠢᠬᠤ ᠳᠤ ᠨᠥᠬᠦᠪᠥᠷᠢ ᠣᠯᠭᠤᠬᠤ | ᠡᠷᠴᠢᠮ ᠢ ᠴᠢᠩᠭᠠᠷᠠᠭᠤᠯᠤᠨ᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠳ᠋ᠷᠣᠨ ᠦᠢᠯᠡᠳᠬᠦᠨ ᠢ ᠡᠭᠡᠭᠦᠯᠦᠨ ᠬᠤᠷᠢᠶᠠᠵᠤ | ᠰᠢᠢᠳᠪᠦᠷᠢᠯᠡᠬᠦ ᠳᠤ ᠪᠡᠯᠡ ᠮᠦᠩᠭᠦᠨ ᠤ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | | ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠠᠳᠠᠯᠢ ᠪᠤᠰᠤ ᠥᠮᠴᠢᠯᠡᠯ ᠤᠨ | ᠳᠦᠷᠢᠮ᠂ ᠠᠳᠠᠯᠢ ᠪᠤᠰᠤ ᠭᠠᠵᠠᠷ ᠲᠤ ᠳᠠᠩᠰᠠᠯᠠᠭᠤᠯᠤᠭᠰᠠᠨ ᠠᠵᠤ ᠠᠬᠤᠶᠢᠯᠠᠯ ᠤᠳ ᠤᠨ ᠲᠥᠷᠥ ᠶᠢᠨ ᠪᠣᠳᠣᠯᠭ᠎ᠠ | ᠭᠥᠷᠳᠡᠬᠦ ᠶᠢ ᠨᠢ ᠨᠢᠭᠡ ᠯᠡ ᠠᠳᠠᠯᠢ ᠪᠠᠷ ᠳᠡᠮᠵᠢᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ | ᠪᠤᠲᠠᠲᠠᠶᠢᠵᠢᠭᠤᠯᠬᠤ ᠪᠠᠨ ᠦᠨᠡᠨ ᠬᠦ ᠪᠠᠲᠤᠯᠠᠨ᠎ᠠ᠃ |