ᠰᠢ ᠶᠢᠨ ᠫᠢᠩ ᠰᠢᠨ᠎ᠡ ᠪᠠᠷ ᠲᠤᠰᠢᠶᠠᠯ ᠳᠤ ᠭᠠᠷᠤᠭᠰᠠᠨ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠦ᠋ ᠯᠢᠨ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/8/5
   ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 3 ᠤ ᠴᠠᠭᠢᠯᠭᠠᠨ ᠮᠡᠳᠡᠭᠡ 8 ᠰᠠᠷ᠎ᠠ ᠶᠢᠨ 3 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠦ᠋ ᠯᠢᠨ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃    ᠰᠢ ᠶᠢᠨ ᠫᠢᠩ ᠪᠠᠶᠠᠷ ᠤᠨ ᠴᠠᠭᠢᠯᠭᠠᠨ ᠴᠢᠮᠡᠭᠡ ᠳᠡᠭᠡᠨ᠂ ᠲᠠᠨ ᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠪᠠᠷ ᠰᠣᠩᠭᠤᠭᠳᠠᠭᠰᠠᠨ ᠢ ᠰᠣᠨᠣᠰᠤᠨ ᠪᠠᠶᠠᠰᠪᠠ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ᠂ ᠲᠡᠷᠡᠴᠢᠯᠡᠨ ᠬᠤᠪᠢ ᠬᠥᠮᠥᠨ ᠤ ᠨᠡᠷ᠎ᠡ ᠪᠠᠷ ᠢᠶᠠᠨ ᠲᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠶ᠎ᠡ᠃    ᠣᠶᠢᠷ᠎ᠠ ᠶᠢᠨ ᠵᠢᠯ ᠠᠴᠠ ᠸᠢᠶᠧᠳ᠋ᠨᠠᠮ ᠤᠨ ᠡᠪ ᠬᠠᠮᠲᠤ ᠨᠠᠮ ᠠᠷᠪᠠᠨ ᠭᠤᠷᠪᠠᠳᠤᠭᠠᠷ ᠶᠡᠭᠡ ᠬᠤᠷᠠᠯ ᠤᠨ ᠢᠶᠠᠨ ᠰᠢᠢᠳᠪᠦᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠭᠦᠨᠵᠡᠭᠡᠢ ᠠᠬᠢᠭᠤᠯᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠪᠣᠯᠣᠨ ᠰᠢᠨᠡᠴᠢᠯᠡᠯᠲᠡ ᠨᠡᠭᠡᠭᠡᠯᠲᠡ ᠶᠢᠨ ᠦᠢᠯᠡᠰ ᠤᠨ ᠰᠢᠨ᠎ᠡ ᠠᠮᠵᠢᠯᠲᠠ ᠣᠯᠬᠤ ᠶᠢ ᠠᠬᠢᠭᠤᠯᠪᠠ᠃ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠸᠢᠶᠧᠳ᠋ᠨᠠᠮ ᠤᠨ ᠪᠦᠭᠦ ᠨᠠᠮ ᠪᠣᠯᠣᠨ ᠪᠦᠭᠦ ᠤᠯᠤᠰ ᠤᠨ ᠠᠷᠠᠳ ᠲᠦᠮᠡᠨ ᠸᠢᠶᠧᠳ᠋ᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠵᠦ᠂ ᠠᠷᠪᠠᠨ ᠳᠥᠷᠪᠡᠳᠦᠭᠡᠷ ᠶᠡᠭᠡ ᠬᠤᠷᠠᠯ ᠤᠨ ᠪᠡᠯᠡᠳᠬᠡᠯ ᠠᠵᠢᠯ ᠢᠶᠠᠨ ᠯᠠᠪᠳᠠᠭᠤᠨ ᠢᠶᠠᠷ ᠠᠬᠢᠭᠤᠯᠵᠤ᠂ ᠨᠠᠮ ᠪᠠᠶᠢᠭᠤᠯᠵᠤ ᠤᠯᠤᠰ ᠪᠠᠶᠢᠭᠤᠯᠤᠭᠰᠠᠨ ︽ᠬᠤᠣᠰ ᠵᠠᠭᠤᠨ ᠵᠢᠯ︾ ᠤᠨ ᠬᠠᠷᠠᠯᠲᠠ ᠲᠡᠶᠢᠰᠢ ᠲᠠᠰᠤᠷᠠᠯᠳᠠ ᠦᠭᠡᠢ ᠤᠷᠤᠭᠰᠢᠯᠠᠬᠤ ᠶᠢ ᠪᠢᠳᠡ ᠢᠲᠡᠭᠡᠵᠦ ᠪᠠᠶᠢᠨ᠎ᠠ᠃    ᠳᠤᠮᠳᠠᠳᠤ ᠸᠢᠶᠧᠳ᠋ᠨᠠᠮ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠡᠶᠢᠭᠡᠮ ᠵᠢᠷᠤᠮ ᠤᠨ ᠨᠥᠭᠦᠷᠰᠡᠭ ᠬᠥᠷᠰᠢ ᠤᠯᠤᠰ ᠪᠣᠯᠣᠨ᠎ᠠ᠃ ᠨᠢᠳᠤᠨᠤᠨ ᠤ 12 ᠰᠠᠷ᠎ᠠ ᠳᠤ ᠪᠢ ᠸᠢᠶᠧᠳ᠋ᠨᠠᠮ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠬᠠᠮᠲᠤ ᠪᠠᠷ ᠨᠡᠶᠢᠲᠡᠯᠡᠵᠦ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠠᠶᠠᠨ᠂ ᠰᠢᠨ᠎ᠡ ᠬᠠᠭᠤᠳᠠᠰᠤ ᠶᠢ ᠨᠡᠭᠡᠭᠡᠪᠡ᠃ ᠪᠢ ᠳᠤᠷᠠᠲᠠᠶ᠎ᠠ ᠶᠡᠷᠦᠩᠬᠡᠢ ᠱᠦᠵᠢ ᠰᠦ᠋ ᠯᠢᠨ ᠨᠥᠬᠦᠷ ᠲᠠᠢ ᠬᠠᠮᠲᠤ ᠪᠠᠷ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠬᠥᠲᠥᠯᠥᠨ ᠳᠠᠭᠠᠭᠤᠯᠵᠤ᠂ ᠤᠯᠠᠮᠵᠢᠯᠠᠯᠲᠤ ᠨᠥᠬᠦᠷᠯᠡᠯ ᠢᠶᠠᠨ ᠬᠠᠮᠲᠤ ᠪᠠᠷ ᠪᠠᠳᠠᠷᠠᠭᠤᠯᠵᠤ᠂ ᠤᠯᠤᠰ ᠲᠥᠷᠥ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠣᠯᠠᠨ ᠪᠤᠶᠠᠨ ᠦᠢᠯᠡᠳᠴᠦ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ ᠳᠠᠪᠰᠢᠯᠲᠠ ᠶᠢᠨ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃    ᠲᠠᠨ ᠤ ᠡᠷᠬᠢᠮ ᠳᠡᠭᠡᠳᠦ ᠠᠵᠢᠯ ᠤᠨ ᠪᠠᠶᠢᠷᠢ ᠳᠡᠭᠡᠷ᠎ᠡ ᠪᠠᠨ ᠰᠢᠨ᠎ᠡ ᠠᠮᠵᠢᠯᠲᠠ ᠣᠯᠬᠤ ᠶᠢ ᠴᠢᠨᠢ ᠵᠥᠩᠨᠡᠶ᠎ᠡ︕ ᠭᠡᠵᠦ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号