【ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ】 ᠮᠢᠨ ᠰᠢᠨ ᠭᠡᠷ ᠣᠷᠣᠨ ᠨᠡᠶᠢᠭᠡᠮ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠠᠴᠠ ︽ᠬᠡᠣᠭᠡᠳ ᠦᠶ᠎ᠡ ᠶᠢ ᠬᠦᠰᠡᠯ ᠬᠦᠭᠡᠴᠡᠯᠳᠦᠨ ᠬᠦᠨᠳᠦᠳᠬᠡᠯ ᠳᠡᠪᠰᠢᠭᠦᠯᠵᠦ ᠢᠷᠠᠭᠤ ᠠᠯᠳᠠᠷ ᠢᠶᠠᠨ ᠮᠠᠨᠳᠤᠭᠤᠯᠬᠤ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/9
    ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠣᠶ ᠶᠢ ᠪᠡᠯᠭᠡᠯᠡᠵᠦ᠂ ᠬᠡᠦᠬᠡᠳ ᠤᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠭᠤᠯᠵᠤ᠂ ᠲᠡᠳᠡᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠬᠠᠮᠲᠤ ᠶᠢᠨ ᠢᠷᠠᠭᠤ ᠠᠯᠳᠠᠷ ᠤᠨ ᠰᠡᠳᠬᠢᠯᠭᠡ ᠶᠢ ᠬᠥᠮᠥᠵᠢᠭᠦᠯᠬᠦ ᠶᠢᠨ ᠲᠥᠯᠥᠭᠡ᠂ 8 ᠰᠠᠷ᠎ᠠ ᠶᠢᠨ 2 ᠤᠨ ᠡᠳᠦᠷ᠂ ᠮᠢᠨ ᠰᠢᠨ ᠭᠡᠷ ᠣᠷᠣᠨ ᠤ ᠨᠡᠶᠢᠭᠡᠮ ᠲᠣᠭᠤᠷᠢᠭ ‍ᠤᠨ‌ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ‌‍ᠯ ︽ᠬᠡᠣᠭᠡᠳ ᠦᠶ᠎ᠡ ᠶᠢ ᠬᠦᠰᠡᠯ ᠬᠦᠭᠡᠴᠡᠯᠳᠦᠨ ᠬᠦᠨᠳᠦᠳᠬᠡᠯ ᠳᠡᠪᠰᠢᠭᠦᠯᠵᠦ ᠢᠷᠠᠭᠤ ᠠᠯᠳᠠᠷ ᠢᠶᠠᠨ ᠮᠠᠨᠳᠤᠭᠤᠯᠬᠤ︾ ᠭᠡᠬᠦ ᠭᠤᠣᠯ ᠰᠡᠳᠦᠪᠲᠦ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠡᠬᠢᠯᠡᠮᠡᠭᠴᠡ᠂ ᠮᠢᠨ ᠰᠢᠨ ᠭᠡᠷ ᠣᠷᠣᠨ ᠤ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠴᠡᠷᠢᠭ ᠠᠴᠠ ᠬᠠᠯᠠᠭᠳᠠᠭᠰᠠᠳ ᠢ ᠤᠷᠢᠵᠤ᠂ ᠮᠥᠨᠴᠦ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠤᠨ ︽ᠲᠠᠪᠤᠨ ᠨᠠᠰᠤᠲᠠᠨ︾ ᠤ ᠪᠦᠷᠢᠯᠳᠦᠭᠦᠨ ᠪᠣᠯᠤᠭᠰᠠᠨ ᠰᠢᠤᠸᠠᠢ ᠢᠦᠢ ᠴᠢᠤᠸᠠᠨ ᠬᠡᠦᠬᠡᠳ ᠤᠳ ᠲᠤ ᠲᠡᠭᠦᠨ ᠤ ᠴᠡᠷᠢᠭ ᠲᠤ ᠣᠷᠣᠭᠰᠠᠨ ᠭᠡᠷᠡᠯ ᠰᠠᠴᠤᠷᠠᠩᠭᠤᠢ ᠣᠨ ᠰᠠᠷ᠎ᠠ ᠪᠣᠯᠣᠨ ᠤᠯᠤᠰ ᠭᠡᠷ ᠢᠶᠠᠨ ᠬᠠᠮᠠᠭᠠᠯᠠᠭᠰᠠᠨ ᠢᠷᠠᠭᠤ ᠠᠯᠳᠠᠷᠲᠤ ᠥᠩᠭᠡᠷᠡᠯᠲᠡ ᠪᠠᠨ ᠶᠠᠷᠢᠵᠤ ᠥᠭᠴᠡᠢ᠃ ︽ᠪᠢ ᠪᠣᠯ ᠶᠠᠪᠠᠭᠠᠨ ᠴᠡᠷᠢᠭ᠂ 1978 ᠣᠨ ᠤ 12 ᠰᠠᠷ᠎ᠠ ᠳᠤ ᠴᠡᠷᠢᠭ ᠲᠤ ᠣᠷᠣᠵᠤ᠂ ᠴᠡᠷᠢᠭ ᠠᠩᠭᠢ ᠶᠢᠨ ᠠᠮᠢᠳᠤᠷᠠᠯ ᠮᠠᠰᠢ ᠬᠠᠲᠠᠭᠤᠵᠢᠯᠲᠠᠢ ᠪᠠᠶᠢᠪᠠ᠂ ᠭᠡᠪᠡᠴᠦ ᠡᠨᠡᠬᠦ ᠥᠩᠭᠡᠷᠡᠯᠲᠡ ᠮᠠᠰᠢ ᠡᠷᠬᠢᠮ ᠨᠠᠨᠳᠢᠨ ᠶᠤᠮ᠂ ᠬᠡᠦᠬᠡᠳ ᠤᠳ ᠠ᠋᠂ ᠲᠠ ᠨᠠᠷ ᠰᠠᠶᠢᠨ ᠴᠠᠭ ᠦᠶ᠎ᠡ ᠶᠢ ᠠᠮᠵᠢᠵᠠᠢ᠂ ᠤᠳᠤ ᠠᠮᠢᠳᠤᠷᠠᠯ ᠤᠨ ᠨᠥᠬᠦᠴᠡᠯ ᠡᠶᠢᠮᠦ ᠰᠠᠶᠢᠨ ᠪᠠᠶᠢᠨ᠎ᠠ᠂  ᠰᠠᠶᠢᠲᠤᠷ ᠰᠤᠷᠤᠯᠴᠠᠵᠤ᠂ ᠶᠡᠭᠡ ᠰᠤᠷᠭᠠᠭᠤᠯᠢ ᠳᠤ ᠰᠢᠯᠭᠠᠭᠤᠯᠣᠨ ᠣᠷᠣᠵᠤ᠂ ᠡᠬᠡ ᠤᠯᠤᠰ ᠢᠶᠠᠨ ᠪᠦᠲᠦᠭᠡᠨ ᠪᠠᠶᠢᠭᠤᠯᠬᠤ ᠶᠢᠨ ᠲᠥᠯᠥᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ︾ ᠭᠡᠵᠦ ᠬᠡᠯᠡᠪᠡ᠃
   ᠳᠠᠷᠠᠭ᠎ᠠ ᠨᠢ᠂ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ᠬᠠᠮᠲᠤ ᠪᠠᠷ ︽ᠣᠭᠲᠠᠷᠭᠤᠢ ᠶᠢᠨ ᠸᠠᠩ︾ ᠺᠢᠨᠣ᠋  ᠶᠢ ᠰᠣᠨᠢᠷᠬᠠᠭᠤᠯᠵᠤ᠂ ᠺᠢᠨᠣ᠋ ᠦᠵᠡᠬᠦ ᠶᠠᠪᠤᠴᠠ ᠳᠤ᠂ ᠬᠡᠦᠬᠡᠳ ᠤᠳ ᠪᠦᠬᠦ ᠠᠩᠬᠠᠷᠤᠯ ᠢᠶᠠᠨ ᠲᠥᠪᠯᠡᠷᠡᠭᠦᠯᠵᠦ᠂ ᠺᠢᠨᠣ᠋ ᠶᠢᠨ ᠪᠤᠢ ᠪᠣᠯᠭᠠᠭᠰᠠᠨ ᠪᠠᠴᠢᠮ ᠠᠭᠤᠷ ᠠᠮᠢᠰᠬᠤᠯ ᠪᠣᠯᠣᠨ ᠰᠡᠳᠬᠢᠯ ᠬᠥᠳᠡᠯᠭᠡᠮ᠎ᠡ ᠦᠢᠯᠡ ᠶᠠᠪᠤᠳᠠᠯ ᠤᠨ ᠳᠤᠮᠳᠠ ᠰᠣᠭᠲᠣᠭᠤᠷᠠᠵᠤ ᠪᠠᠶᠢᠯ᠎ᠠ᠃ ᠡᠨᠡ ᠬᠦ ᠺᠢᠨᠣ᠋ ᠨᠢ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠠᠮᠢᠳᠤᠯᠢᠭ ᠢᠶᠠᠷ ᠢᠯᠡᠷᠡᠭᠦᠯᠵᠦ᠂ ᠵᠠᠯᠠᠭᠤᠴᠤᠳ ᠪᠠᠭᠠᠴᠤᠳ ᠲᠤ ᠡᠬᠡ ᠣᠷᠣᠨ ᠤ ᠬᠦᠴᠦᠷᠬᠡᠭᠵᠢᠯ ᠢ ᠮᠡᠳᠡᠷᠡᠭᠦᠯᠵᠦ᠂ ᠠᠷᠠᠳ ᠲᠦᠮᠡᠨ ᠤ ᠠᠮᠤᠷ ᠲᠣᠭᠲᠠᠭᠤᠨ ᠪᠠᠶᠠᠨ ᠴᠢᠨᠡᠭᠡᠯᠢᠭ᠂ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠨᠢ ᠴᠥᠮ ᠴᠡᠷᠢᠭ ᠠᠩᠭᠢ ᠶᠢᠨ ᠬᠦᠴᠦᠷᠬᠡᠭᠵᠢᠯ ᠠᠴᠠ ᠰᠠᠯᠵᠤ ᠴᠢᠳᠠᠬᠤ ᠦᠭᠡᠢ ᠭᠡᠳᠡᠭ ᠢ ᠲᠠᠨᠢᠭᠤᠯᠤᠭᠰᠠᠨ ᠪᠠᠶᠢᠨ᠎ᠠ᠃
    ᠡᠨᠡ ᠤᠳᠠᠭᠠᠨ ᠤ ᠭᠤᠣᠯ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠴᠡᠷᠢᠭ ᠠᠷᠠᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠭᠦᠨ ᠵᠤᠵᠠᠭᠠᠨ ᠨᠥᠬᠦᠷᠯᠡᠯ ᠢ ᠭᠦᠨᠵᠡᠭᠡᠶᠢᠷᠡᠭᠦᠯᠵᠦ᠂ ᠨᠡᠩ ᠴᠤ ᠵᠠᠯᠠᠭᠤᠴᠤᠳ ᠪᠠᠭᠠᠴᠤᠳ ᠤᠨ ᠴᠡᠷᠢᠭ ᠤᠨ ᠬᠥᠮᠥᠨ ᠢ ᠬᠦᠨᠳᠦᠳᠬᠡᠨ ᠪᠢᠰᠢᠷᠡᠬᠦ ᠪᠠ ᠲᠡᠭᠦᠨ ᠳᠤ ᠲᠠᠯᠠᠷᠬᠠᠬᠤ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠮᠢᠨ ᠰᠢᠨ ᠨᠡᠶᠢᠭᠡᠮ ᠲᠣᠭᠤᠷᠢᠭ ᠤᠨ ᠬᠢᠨ ᠨᠡᠩ ᠤᠯᠠᠨ ᠬᠡᠯᠪᠡᠷᠢ ᠶᠢᠨ᠂ ᠰᠢᠨ᠎ᠡ ᠠᠷᠭ᠎ᠠ ᠬᠡᠮᠵᠢᠶ᠎ᠡ ᠲᠠᠢ ᠵᠠᠯᠠᠭᠤᠴᠤᠳ ᠪᠠᠭᠠᠴᠤᠳ ᠤᠨ ᠴᠡᠷᠢᠭ ᠢᠶᠠᠨ ᠬᠦᠷᠢᠶᠡᠯᠡᠵᠦ ᠤᠯᠤᠰ ᠢᠶᠠᠨ ᠬᠠᠶᠢᠷᠠᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠠᠭᠤᠤ ᠶᠡᠭᠡ ᠴᠡᠷᠢᠭ ᠪᠠᠶᠢᠭᠤᠯᠬᠤ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠭᠡᠷᠡᠯ ᠭᠢᠯᠪᠠᠭ᠎ᠠ ᠶᠢ ᠨᠢ ᠰᠠᠴᠤᠷᠠᠭᠤᠯᠬᠤ ᠪᠣᠯᠣᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号