| | | | | 8 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠪᠤᠭᠤᠲᠤ · ᠬᠤᠪᠣᠷ ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠡᠬᠢᠯᠡᠪᠡ᠂ ᠬᠤᠷᠠᠯ ᠳᠤ | ᠣᠷᠣᠯᠴᠠᠭᠰᠠᠨ ᠬᠦᠨᠳᠦᠲᠦ ᠵᠣᠴᠢᠳ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠬᠤᠪᠣᠷ ᠰᠢᠷᠣᠢ ᠶᠢᠨ ᠲᠣᠭᠲᠠᠮᠠᠯ | ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠬᠠᠨᠳᠤᠰᠢ ᠵᠢᠴᠢ | ᠮᠡᠷᠭᠡᠵᠢᠯ ᠤᠨ ᠬᠤᠰᠢᠭᠤᠷᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ | | | | | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠤᠯᠤᠰ ᠤᠨ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠮᠡᠷᠭᠡᠵᠢᠯᠲᠡᠨ ᠤ ᠵᠥᠪᠯᠡᠯᠭᠡ ᠥᠭᠬᠦ ᠵᠥᠪᠯᠡᠯ ᠤᠨ ᠡᠷᠬᠢᠯᠡᠭᠴᠢ ᠭᠠᠨ | ᠶᠦᠩ ᠤᠨ ᠦᠵᠡᠬᠦ ᠪᠠᠷ᠂ ᠪᠤᠭᠤᠲᠤ ᠬᠤᠲᠠ ᠨᠢ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾ ᠪᠣᠯᠤᠭᠰᠠᠨ ᠤ ᠤᠴᠢᠷ | ᠨᠢ ᠡᠬᠢ ᠪᠠᠶᠠᠯᠢᠭ ᠡᠯᠪᠡᠭ ᠳᠡᠯᠪᠡᠭ ᠪᠠᠶᠢᠳᠠᠭ ᠢᠶᠠᠷ ᠪᠠᠷᠠᠬᠤ ᠦᠭᠡᠢ᠂ ᠨᠠᠩ ᠴᠤ ᠬᠤᠪᠣᠷ ᠰᠢᠷᠣᠢ ᠶᠢᠨ ᠠᠵᠤ ᠦᠢᠯᠡᠰ ᠤᠨ | ᠳᠡᠭᠡᠳᠦ ᠲᠠᠰ ᠤᠨ ᠬᠡᠷᠡᠭᠯᠡᠭᠡᠨ ᠤ ᠲᠤᠯᠭᠠᠭᠤᠷᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠲᠣᠪᠣᠶᠢᠮ᠎ᠠ | ᠪᠠᠶᠢᠳᠠᠭ ᠠᠴᠠ ᠪᠣᠯᠤᠭᠰᠠᠨ ᠶᠤᠮ᠃ | ︽ᠪᠣᠷᠣᠭᠠᠨ ᠤ ᠱᠤᠸᠠᠰᠠ ᠬᠦᠳᠡᠯᠭᠡᠭᠦ᠂ ᠰᠢᠯ ᠤᠨ ᠳᠡᠭᠡᠭᠰᠢᠯᠡᠬᠦ ᠳᠣᠷᠣᠭᠰᠢᠯᠠᠬᠤ ᠵᠡᠷᠭᠡ ᠤᠶᠤᠯᠢᠬ ᠰᠦᠯᠵᠢᠶᠡᠨ ᠤ | ᠮᠠᠰᠢᠨ ᠲᠡᠷᠭᠡᠨ ᠤ ᠵᠢᠵᠢᠭ ︿ᠬᠥᠳᠡᠯᠦᠯ﹀ ᠨᠢᠭᠡᠪᠦᠷᠢ ᠨᠢ ᠴᠥᠮ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠢᠶᠠᠷ | ᠲᠤᠯᠭᠠᠭᠤᠷᠢᠯᠠᠭᠤᠯᠬᠤ ᠬᠡᠷᠡᠭᠲᠡᠢ᠂ ᠨᠢᠭᠡ ᠮᠠᠰᠢᠨ ᠲᠡᠷᠭᠡ ᠨᠢ ᠡᠶᠢᠮᠦ ᠴᠠᠬᠢᠯᠭᠠᠨ ᠮᠠᠰᠢᠨ ᠢ ᠪᠠᠷᠤᠭ 50 ᠬᠡᠷᠡᠭᠰᠡᠨ᠎ᠡ︾᠃ | ᠭᠠᠨ ᠶᠦᠩ ᠬᠡᠯᠡᠬᠦ ᠳᠡᠭᠡᠨ᠂ ᠢᠷᠡᠭᠡᠳᠦᠢ ᠶᠢᠨ ᠬᠥᠮᠥᠡᠯᠢᠭ ᠮᠠᠰᠢᠨ ᠬᠥᠮᠥᠨ᠂ ᠣᠶᠤᠨᠲᠤ ᠲᠣᠭᠠᠨ ᠤ ᠡᠵᠡᠮᠰᠢᠯᠲᠦ ᠰᠠᠤᠷᠢ | ᠮᠠᠰᠢᠨ᠂ ᠲᠡᠯᠡᠶ ᠶᠢᠨ ᠢᠷᠤᠭᠠᠷ ᠲᠠᠬᠢ ᠵᠢᠯᠣᠭᠤᠴᠢ ᠦᠭᠡᠢ ᠣᠩᠭᠤᠴᠠ᠂ ᠣᠭᠲᠠᠷᠭᠤᠢ ᠳᠠᠬᠢ ᠵᠢᠯᠣᠭᠤᠴᠢ ᠦᠭᠡᠢ ᠨᠢᠰᠬᠡᠯ | ᠵᠢᠴᠢ ᠢᠳᠡᠭ ᠢᠳᠡᠭ ᠢᠶᠠᠷ ᠰᠠᠶᠢᠵᠢᠷᠠᠵᠤ ᠪᠠᠶᠢᠭ᠎ᠠ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠬᠥᠭᠵᠢᠯᠲᠡ ᠳᠤ ᠴᠥᠮ | ᠬᠥᠳᠡᠯᠭᠡᠬᠦ ᠬᠦᠴᠦᠨ ᠤ ᠬᠥᠳᠡᠯᠭᠡᠭᠦᠷ ᠱᠠᠭᠠᠷᠳᠠᠭᠳᠠᠨ᠎ᠠ᠂ ᠭᠡᠬᠦ ᠳᠡᠭᠡᠨ ︽ᠲᠣᠭᠲᠠᠮᠠᠯ ᠰᠣᠷᠢᠨᠵᠢᠨ︾ ᠪᠣᠯ ᠬᠠᠮᠤᠭ ᠤᠨ | ᠰᠠᠶᠢᠨ ᠰᠣᠩᠭᠤᠯᠲᠠ ᠪᠣᠯᠬᠤ ᠨᠢ ᠳᠠᠮᠵᠢᠭ ᠦᠭᠡᠢ ᠶᠤᠮ ᠭᠡᠵᠡᠢ᠃ | ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠰᠢᠭᠯᠠᠮᠵᠢ ᠥᠨᠳᠥᠷ᠂ ᠴᠢᠳᠠᠯ ᠤᠨ ᠨᠢᠭᠲᠠᠴᠠ | ᠥᠨᠳᠥᠷ᠂ ᠬᠦᠴᠦᠨ ᠤ ᠮᠤᠮᠧᠨ᠋ᠲ ᠥᠨᠳᠥᠷ᠂ ᠡᠵᠡᠯᠡᠬᠦᠨ ᠪᠠᠭ᠎ᠠ᠂ ᠱᠤᠤᠭᠢᠶᠠᠨ ᠪᠠᠭ᠎ᠠ᠂ ᠳᠤᠯᠠᠭᠠᠨ ᠤ ᠳᠡᠭᠡᠭᠰᠢᠯᠡᠯᠲᠡ ᠪᠠᠭ᠎ᠠ᠂ | ᠪᠦᠲᠦᠴᠡ ᠳᠥᠭᠦᠮᠬᠡᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠳᠠᠭ ᠪᠣᠯᠬᠤᠷ ᠢᠯᠡᠭᠦᠴᠡ ᠴᠠᠬᠢᠯᠭᠠᠨ ᠡᠨᠧᠷᠭᠢ | ᠬᠠᠩᠭᠠᠬᠤ ᠴᠢᠬᠤᠯᠠ ᠦᠭᠡᠢ᠂ ᠮᠧᠬᠠᠨᠢᠭ ᠤᠨ ᠡᠯᠡᠭᠳᠡᠯ ᠪᠠᠶᠢᠬᠤ ᠦᠭᠡᠢ᠂ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ | ᠪᠣᠯᠣᠨ ᠠᠵᠤ ᠦᠢᠯᠡᠳᠪᠦᠷᠢ ᠶᠢᠨ ᠦᠢᠯᠡᠳᠬᠡᠯ ᠤᠨ ᠳᠤᠲᠠᠭᠳᠠᠵᠤ ᠪᠣᠯᠣᠰᠢ ᠦᠭᠡᠢ ᠴᠢᠬᠤᠯᠠ ᠰᠠᠭᠤᠷᠢ ᠲᠤᠨᠤᠭ ᠪᠣᠯᠣᠨ᠎ᠠ᠃ | | ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢᠨ ᠳᠠᠭᠠᠭᠤᠯᠤᠯ ᠳᠣᠣᠷ᠎ᠠ᠂ ᠦᠢᠯᠡᠳᠬᠦ ᠦᠢᠯᠡᠰ ᠤᠨ ᠠᠵᠤ | ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠬᠠᠷᠠᠯᠲᠠ ᠶᠢᠨ ᠬᠥᠳᠡᠯᠭᠡᠭᠦᠷ ᠳᠣᠣᠷ᠎ᠠ᠂ | ᠬᠤᠪᠣᠷ ᠰᠢᠷᠣᠢ ᠶᠢᠨ ᠦᠵᠦᠭᠦᠷ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠦᠷᠭᠦᠯᠵᠢᠯᠡᠨ | ᠳᠡᠭᠡᠭᠰᠢᠯᠡᠵᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠲᠦᠷᠭᠡᠨ | ᠬᠥᠭᠵᠢᠯᠲᠡ ᠶᠢ ᠳᠠᠶᠢᠴᠢᠯᠠᠨ᠎ᠠ᠃ | ᠣᠶᠢᠷ᠎ᠠ ᠶᠢᠨ ᠵᠢᠯ ᠤᠨ ᠲᠤᠷᠰᠢ᠂ ᠪᠤᠭᠤᠲᠤ ᠬᠤᠲᠠ ᠬᠤᠪᠣᠷ ᠰᠢᠷᠣᠢ ᠶᠢᠨ ᠡᠬᠢ ᠪᠠᠶᠠᠯᠢᠭ ᠪᠠ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠳᠠᠪᠠᠭᠤᠯᠢᠭ ᠲᠠᠭᠠᠨ ᠰᠠᠭᠤᠷᠢᠯᠠᠵᠤ᠂ ᠳᠤᠮᠳᠠ ᠵᠡᠷᠭᠡ ᠶᠢᠨ ᠮᠠᠰᠢᠨ ᠲᠡᠷᠭᠡᠨ ᠤ ᠴᠠᠬᠢᠯᠭᠠᠨ ᠮᠠᠰᠢᠨ | ᠂ ᠤᠮᠠᠷᠠᠲᠤ ᠣᠷᠣᠨ ᠤ ᠳᠤᠮᠳᠠ ᠭᠠᠲ ᠵᠡᠷᠭᠡ ᠣᠯᠠᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠦᠢᠯᠡᠳᠪᠦᠷᠢᠯᠡᠵᠦ | ᠦᠢᠯᠡᠳᠬᠦ ᠠᠵᠤ ᠠᠬᠤᠶᠢᠯᠠᠯ ᠪᠠ 7 ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠪᠥᠬᠦ ᠤᠯᠤᠰ ᠤᠨ ᠡᠮᠦᠨ᠎ᠡ ᠠᠷᠪᠠ ᠳᠤ | ᠵᠢᠭᠰᠠᠭᠠᠭᠳᠠᠭᠰᠠᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠳᠡᠭᠡᠳᠦ | ᠤᠷᠤᠰᠬᠠᠯ ᠤᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠮᠠᠲ᠋ᠧᠷᠢᠶᠠᠯ ᠤᠨ ᠬᠠᠩᠭᠠᠯᠭ᠎ᠠ᠂ ᠦᠢᠯᠡᠳᠪᠦᠷᠢᠯᠡᠵᠦ | ᠦᠢᠯᠡᠳᠬᠦ ᠠᠴᠠ ᠳᠣᠣᠷᠠᠳᠤ ᠤᠷᠤᠰᠬᠠᠯ ᠤᠨ ᠭᠤᠣᠯᠳᠠᠯᠭ᠎ᠠ ᠲᠠᠢ ᠦᠵᠦᠭᠦᠷ ᠤᠨ ᠬᠡᠷᠡᠭᠯᠡᠭᠡᠨ ᠤ ᠬᠦᠷᠢᠶ᠎ᠡ ᠬᠦᠷᠲᠡᠯ᠎ᠡ᠂ | ᠬᠤᠪᠣᠷ ᠰᠢᠷᠣᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠨ ᠪᠤᠵᠠᠭᠠᠶᠢᠷᠠᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ 2025 ᠣᠨ ᠪᠣᠯᠬᠤ ᠳᠤ᠂ ᠪᠦᠬᠦ ᠬᠤᠳᠠ ᠶᠢᠨ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ | ᠴᠢᠳᠠᠪᠤᠷᠢ 20 ᠲᠦᠮᠡᠨ ᠲᠣᠨ ᠳᠤ ᠬᠦᠷᠴᠦ᠂ ᠪᠦᠬᠦ ᠤᠯᠤᠰ ᠤᠨ ᠬᠡᠪᠴᠢᠶᠡᠨ ᠳᠤ ᠲᠡᠷᠢᠭᠦᠯᠡᠨ᠎ᠡ᠃ | ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠨᠢ ︽︿ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ﹀ ᠢ | ᠪᠦᠲᠦᠭᠡᠨ ᠪᠠᠶᠢᠭᠤᠯᠵᠤ ᠰᠢᠨ᠎ᠡ ᠦᠢᠯᠡᠳᠪᠦᠷᠢᠯᠡᠯ ᠤᠨ ᠬᠦᠴᠦᠨ ᠢ ᠣᠯᠭᠤᠬᠤ︾ ᠪᠠᠷ ᠭᠤᠣᠯ ᠰᠡᠳᠦᠪ ᠪᠣᠯᠭᠠᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠳᠤᠮᠳᠠᠳᠤ ᠤᠯᠤᠰ ᠤᠨ ᠬᠤᠪᠣᠷ ᠰᠢᠷᠣᠢ ᠶᠢᠨ | ᠰᠢᠨᠵᠢᠯᠡᠭᠡᠨ ᠤ ᠨᠡᠶᠢᠭᠡᠮᠯᠢᠭ᠂ ᠳᠤᠮᠳᠠᠳᠤ ᠤᠯᠤᠰ ᠤᠨ ᠬᠤᠪᠣᠷ ᠰᠢᠷᠣᠢ ᠶᠢᠨ ᠠᠵᠢᠯ ᠲᠥᠷᠥᠯ ᠤᠨ ᠪᠤᠭᠤᠲᠤ ᠬᠤᠲᠠ ᠶᠢᠨ | ᠵᠠᠰᠠᠭ ᠤᠨ ᠣᠷᠳᠣᠨ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠬᠠᠮᠢᠶᠠᠷᠤᠯᠲᠠ ᠶᠢᠨ | ᠵᠥᠪᠯᠡᠯ᠂ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ | ᠤᠯᠤᠰ ᠤᠨ ᠤᠮᠠᠷᠠᠲᠤ ᠶᠢᠨ ᠬᠤᠪᠣᠷ ᠰᠢᠷᠣᠢ ︵ᠪᠦᠯᠦᠭᠯᠡᠯ︶ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠬᠠᠮᠲᠤᠪᠠᠷ ᠳᠠᠭᠠᠭᠠᠴᠢᠯᠠᠨ ᠡᠷᠭᠢᠯᠡᠪᠡ᠃ ᠬᠤᠪᠣᠷ ᠰᠢᠷᠣᠢ ᠶᠢᠨ ᠠᠵᠤ ᠦᠢᠯᠡᠰ ᠤᠨ | ᠡᠯ᠎ᠡ ᠡᠲᠡᠭᠡᠳ ᠤᠨ ᠬᠥᠮᠥᠰ ᠲᠤ ᠰᠣᠯᠢᠯᠴᠠᠭᠠᠨ ᠤ ᠲᠠᠪᠴᠠᠩ ᠪᠠᠶᠢᠭᠤᠯᠵᠤ᠂ ᠬᠤᠪᠣᠷ ᠰᠢᠷᠣᠢ ᠶᠢᠨ ᠴᠢᠬᠤᠯᠠ ᠶᠡᠭᠡ ᠲᠥᠷᠥᠯ | ᠵᠦᠢᠯ ᠢ ᠨᠠᠶᠢᠳᠠᠪᠤᠷᠢᠵᠢᠭᠤᠯᠬᠤ ᠳᠤ ᠬᠠᠮᠲᠤᠷᠠᠯᠴᠠᠭᠠᠨ ᠤ ᠠᠵᠠ ᠲᠣᠬᠢᠶᠠᠯ ᠬᠠᠩᠭᠠᠵᠤ᠂ ᠳᠤᠮᠳᠠᠳᠤ ᠤᠯᠤᠰ ᠤᠨ ᠪᠤᠭᠤᠲᠤ · | ᠬᠤᠪᠣᠷ ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠬᠤᠪᠣᠷ | ᠰᠢᠷᠣᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠶᠢᠴᠢᠯᠠᠵᠤ᠂ ᠤᠯᠤᠰ ᠤᠨ | ᠲᠠᠰ ᠤᠨ ᠬᠤᠪᠣᠷ ᠰᠢᠷᠣᠢ ᠶᠢᠨ ᠲᠡᠷᠢᠭᠦᠨ ᠤ ᠦᠢᠯᠡᠳᠬᠦ ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ᠃ | ᠳᠤᠮᠳᠠᠳᠤ ᠤᠯᠤᠰ ᠤᠨ ᠪᠤᠭᠤᠲᠤ · ᠬᠤᠪᠣᠷ ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠢ 2009 | ᠣᠨ ᠠᠴᠠ ᠡᠬᠢᠯᠡᠨ ᠡᠷᠬᠢᠯᠡᠵᠦ᠂ ᠨᠢᠭᠡᠨᠲᠡ ᠳᠡᠯᠡᠬᠡᠢ ᠶᠢᠨ ᠴᠢᠨᠠᠷᠲᠠᠢ ᠬᠤᠪᠣᠷ ᠰᠢᠷᠣᠢ ᠶᠢᠨ ᠠᠵᠤ ᠦᠢᠯᠡᠰ ᠤᠨ ᠬᠤᠰᠢᠭᠤᠷᠠᠯ | ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭᠠᠨ ᠤ ᠲᠠᠪᠴᠠᠩ᠂ ᠬᠤᠪᠣᠷ ᠰᠢᠷᠣᠢ ᠶᠢᠨ ᠠᠵᠤ ᠦᠢᠯᠡᠰ ᠤᠨ ᠤᠯᠤᠰ | ᠲᠦᠷᠦ ᠶᠢᠨ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠬᠦ ᠲᠠᠪᠴᠠᠩ᠂ ᠬᠤᠪᠣᠷ ᠰᠢᠷᠣᠢ ᠶᠢᠨ ᠠᠵᠤ ᠦᠢᠯᠡᠰ ᠤᠨ | ᠬᠥᠭᠵᠢᠯᠲᠡ ᠶᠢᠨ ᠴᠢᠭᠯᠡᠯ ᠢ ᠰᠦᠪᠡᠭᠴᠢᠯᠡᠬᠦ ᠲᠠᠪᠴᠠᠩ ᠪᠣᠯᠣᠨ ᠬᠤᠪᠣᠷ ᠰᠢᠷᠣᠢ ᠶᠢᠨ ᠠᠵᠤ ᠦᠢᠯᠡᠰ ᠤᠨ ᠠᠷᠠᠯᠵᠢᠶᠠᠴᠢᠨ | ᠤᠷᠢᠬᠤ ᠬᠠᠮᠲᠤᠷᠠᠯᠴᠠᠭᠠᠨ ᠤ ᠲᠠᠪᠴᠠᠩ ᠪᠣᠯᠣᠭᠰᠠᠨ ᠪᠠᠶᠢᠨ᠎ᠠ᠃ ︵ᠳ᠋ᠧᠩ ᠢᠦᠢ ᠰᠢᠶᠠ︶ |