ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠯᠠᠨᠵᠧᠦ ᠶᠡᠭᠡ ᠰᠤᠷᠭᠠᠭᠤᠯᠢ ᠶᠢᠨ ᠵᠠᠬᠢᠷᠤᠯ ᠶᠠᠨ ᠴᠦᠨ ᠬᠤᠸᠠ᠄ ᠪᠤᠭᠤᠲᠤ ᠬᠤᠲᠠ ᠶᠢᠨ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/8/9
    8 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠤᠭᠤᠲᠤ · ᠬᠤᠪᠣᠷ ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠡᠬᠢᠯᠡᠪᠡ᠂ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠬᠠᠨᠳᠤᠰᠢ ᠵᠢᠴᠢ ᠮᠡᠷᠭᠡᠵᠢᠯ ᠤᠨ ᠬᠤᠰᠢᠭᠤᠷᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃
    ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠯᠠᠨᠵᠧᠦ ᠶᠡᠭᠡ ᠰᠤᠷᠭᠠᠭᠤᠯᠢ ᠶᠢᠨ ᠵᠠᠬᠢᠷᠤᠯ ᠶᠠᠨ ᠴᠦᠨ ᠬᠤᠸᠠ ᠶᠢᠨ ᠦᠵᠡᠬᠦ ᠪᠠᠷ᠂ ᠪᠤᠭᠤᠲᠤ ᠬᠤᠲᠠ ᠶᠢᠨ ᠴᠢᠳᠠᠪᠤᠷᠢᠲᠠᠨ ᠤ ᠡᠬᠢ ᠪᠠᠶᠠᠯᠢᠭ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠬᠤᠷᠠᠮᠳᠤᠭᠤᠯᠬᠤ ᠴᠢᠳᠠᠪᠤᠷᠢ ᠢᠯᠡᠳᠲᠡ ᠳᠡᠭᠡᠭᠰᠢᠯᠡᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ︽ᠡᠶᠢᠮᠦᠷᠬᠦ ᠳᠡᠭᠡᠭᠰᠢᠯᠡᠯᠲᠡ ᠨᠢ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠠᠴᠠ ᠢᠷᠡᠯᠲᠡ ᠲᠠᠢ ᠪᠠᠷ ᠪᠠᠷᠠᠬᠤ ᠦᠭᠡᠢ ᠪᠠᠰᠠ ᠲᠤᠰ ᠪᠡᠶ᠎ᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠤ ᠦᠷᠭᠦᠯᠵᠢᠯᠡᠨ ᠳᠡᠭᠡᠭᠰᠢᠯᠡᠭᠰᠡᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠣᠭᠲᠠᠴᠠ ᠶᠢᠨ ᠡᠳᠦᠷ ᠢᠷᠡᠬᠦᠶ᠎ᠡ ᠲᠡᠭᠦᠯᠳᠡᠷᠵᠢᠭᠰᠡᠨ ᠠᠴᠠ ᠪᠣᠯᠤᠭᠰᠠᠨ ᠶᠤᠮ︾ ᠭᠡᠪᠠ᠃
    ᠲᠡᠭᠦᠨ ᠤ ᠦᠵᠡᠬᠦ ᠪᠠᠷ᠂ ᠣᠳᠣᠬᠠᠨ ᠳᠤ ᠠᠭᠤᠷᠬᠠᠢ   ᠶᠢᠨ ᠭᠠᠷᠤᠯᠲᠠ   ᠶᠢᠨ ᠡᠬᠢ ᠪᠠᠶᠠᠯᠢᠭ ᠤᠨ ᠬᠠᠮᠢᠶᠠᠷᠤᠯᠲᠠ ᠨᠡᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠣᠯᠵᠤ᠂ ᠣᠷᠴᠢᠨ ᠠᠬᠤᠢ   ᠶᠢ ᠬᠠᠮᠠᠭᠠᠯᠠᠨ ᠤᠯᠠᠨ ᠤᠯᠤᠰ ᠤᠨ ᠠᠷᠠᠯᠵᠢᠶᠠᠨ ᠤ ᠲᠠᠯ᠎ᠠ ᠪᠠᠷ᠂ ᠥᠩᠭᠡᠷᠡᠭᠰᠡᠨ ᠳᠤ ᠭᠠᠭᠴᠠ ᠴᠢᠭᠯᠡᠯ ᠢᠶᠠᠷ ᠡᠬᠢ ᠪᠠᠶᠠᠯᠢᠭ᠂ ᠦᠢᠯᠡᠳᠬᠦᠨ ᠢ ᠭᠠᠳᠠᠭᠰᠢ ᠭᠠᠷᠭᠠᠵᠤ ᠪᠠᠶᠢᠭᠰᠠᠨ ᠠᠴᠠ ᠪᠠᠨ ᠤᠳᠤ ᠭᠠᠳᠠᠭᠠᠳᠤ ᠳᠤ ᠭᠠᠷᠭᠠᠬᠤ᠂ ᠭᠠᠳᠠᠭᠠᠳᠤ ᠠᠴᠠ ᠣᠷᠣᠭᠤᠯᠬᠤ ᠶᠢ ᠵᠡᠷᠭᠡ ᠪᠠᠷ ᠴᠢᠬᠤᠯᠠᠴᠢᠯᠠᠬᠤ ᠪᠣᠯᠲᠠᠯ᠎ᠠ᠂ ᠡᠬᠢ ᠪᠠᠶᠠᠯᠢᠭ ᠢ ᠥᠪᠡᠰᠦᠪᠡᠨ ᠰᠢᠩᠭᠡᠭᠡᠬᠦ ᠶᠢᠨ ᠵᠡᠷᠭᠡᠴᠡᠭᠡᠪᠡᠷ ᠥᠨᠳᠥᠷ ᠨᠡᠮᠡᠯᠲᠡ ᠦᠷᠳᠡᠭ ᠪᠦᠬᠦᠢ ᠦᠢᠯᠡᠳᠬᠦᠨ ᠢ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠣᠷᠣᠭᠤᠯᠬᠤ ᠶᠢ ᠪᠤᠢ ᠪᠣᠯᠭᠠᠵᠤ᠂ ᠪᠦᠬᠦ᠋ᠢᠯᠡ ᠶᠠᠪᠤᠴᠠ ᠶᠢ ᠨᠡᠩ ᠵᠢᠷᠤᠮᠵᠢᠭᠤᠯᠤᠭᠰᠠᠨ ᠪᠠᠶᠢᠨ᠎ᠠ᠃    ︽ᠣᠳᠣᠬᠠᠨ ᠳᠤ᠂ ᠪᠦᠬᠦ ᠪᠥᠮᠪᠥᠷᠴᠡᠭ ᠤᠨ ᠬᠠᠩᠭᠠᠯᠭ᠎ᠠ ᠶᠢᠨ ᠬᠡᠯᠬᠢᠶ᠎ᠡ ᠤᠯᠠᠮ ᠠᠴᠠ ᠤᠯᠠᠮ ᠢᠯᠭᠤᠮ ᠤᠷᠤᠭᠰᠢᠲᠠᠢ ᠪᠣᠯᠵᠤ ᠪᠠᠶᠢᠨ᠎ᠠ︾᠃ ᠲᠡᠷᠡ᠂ ᠥᠩᠭᠡᠷᠡᠭᠰᠡᠨ ᠤ ᠬᠤᠪᠣᠷ ᠰᠢᠷᠣᠢ ᠶᠢᠨ ᠦᠢᠯᠡᠳᠬᠦᠨ ᠦᠢᠯᠡᠳᠪᠦᠷᠢᠯᠡᠬᠦ ᠠᠵᠤ ᠠᠬᠤᠶᠢᠯᠠᠯ ᠠᠭᠠᠵᠢᠮ ᠢᠶᠠᠷ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠤᠨ ᠡᠩᠨᠡᠭᠡᠨ ᠳᠤ ᠣᠷᠣᠪᠠ᠂ ᠡᠨᠡ ᠨᠢ ᠠᠵᠤ ᠦᠢᠯᠡᠰ ᠤᠨ ᠵᠠᠬ᠎ᠠ ᠳᠡᠯᠭᠡᠭᠦᠷ ᠢ ᠪᠠᠶᠠᠯᠢᠭᠵᠢᠭᠤᠯᠵᠤ᠂ ᠠᠵᠤ ᠦᠢᠯᠡᠰ ᠤᠨ ᠬᠥᠳᠡᠯᠭᠡᠬᠦ ᠬᠦᠴᠦᠨ ᠢ ᠴᠢᠩᠭᠠᠳᠬᠠᠬᠤ ᠳᠤ ᠢᠳᠡᠪᠬᠢᠲᠡᠢ ᠦᠢᠯᠡᠳᠦᠯ ᠦᠵᠡᠭᠦᠯᠵᠡᠢ᠃    ᠪᠤᠭᠤᠲᠤ ᠬᠤᠲᠠ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠢᠷᠡᠭᠡᠳᠦᠢ ᠶᠢᠨ ᠬᠥᠭᠵᠢᠯᠲᠡ ᠶᠢᠨ ᠲᠤᠬᠠᠢ᠂ ᠶᠠᠨ ᠴᠦᠨ ᠬᠤᠸᠠ ᠠᠵᠤ ᠦᠢᠯᠡᠰ ᠢ ᠤᠯᠠᠮ ᠨᠢᠭᠡ ᠠᠯᠬᠤᠮ ᠨᠠᠷᠢᠯᠢᠭ ᠪᠥᠭᠡᠳ ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠳᠠᠬᠢ ᠠᠳᠠᠯᠢ ᠪᠤᠰᠤ ᠬᠡᠷᠡᠭᠯᠡᠭᠴᠢᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠨ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠬᠤᠣᠰ ᠣᠷᠴᠢᠯ ᠤᠨ ᠬᠠᠷᠢᠯᠴᠠᠨ ᠠᠬᠢᠭᠤᠯᠬᠤ ᠶᠢ ᠠᠬᠢᠭᠤᠯᠵᠤ᠂ ᠪᠥᠬᠦ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠰᠠᠨᠠᠭᠤᠯᠪᠠ᠃     ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠨᠢ ︽︿ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ﹀ ᠢ ᠪᠦᠲᠦᠭᠡᠨ ᠪᠠᠶᠢᠭᠤᠯᠵᠤ ᠰᠢᠨ᠎ᠡ ᠦᠢᠯᠡᠳᠪᠦᠷᠢᠯᠡᠯ ᠤᠨ ᠬᠦᠴᠦᠨ ᠢ ᠣᠯᠭᠤᠬᠤ︾ ᠪᠠᠷ ᠭᠤᠣᠯ ᠰᠡᠳᠦᠪ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠳᠤᠮᠳᠠᠳᠤ ᠤᠯᠤᠰ ᠤᠨ ᠬᠤᠪᠣᠷ ᠰᠢᠷᠣᠢ ᠶᠢᠨ ᠰᠢᠨᠵᠢᠯᠡᠭᠡᠨ ᠤ ᠨᠡᠶᠢᠭᠡᠮᠯᠢᠭ᠂ ᠳᠤᠮᠳᠠᠳᠤ ᠤᠯᠤᠰ ᠤᠨ ᠬᠤᠪᠣᠷ ᠰᠢᠷᠣᠢ ᠶᠢᠨ ᠠᠵᠢᠯ ᠲᠥᠷᠥᠯ ᠤᠨ ᠪᠤᠭᠤᠲᠤ ᠬᠤᠲᠠ ᠶᠢᠨ ᠵᠠᠰᠠᠭ ᠤᠨ ᠣᠷᠳᠣᠨ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ  ᠤᠷᠤᠨ ᠤ ᠬᠠᠮᠢᠶᠠᠷᠤᠯᠲᠠ ᠶᠢᠨ ᠵᠥᠪᠯᠡᠯ᠂ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠢ ︵ᠪᠦᠯᠦᠭᠯᠡᠯ︶ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠠᠮᠲᠤᠪᠠᠷ ᠳᠠᠭᠠᠭᠠᠴᠢᠯᠠᠨ ᠡᠷᠭᠢᠯᠡᠪᠡ᠃ ᠬᠤᠪᠣᠷ ᠰᠢᠷᠣᠢ ᠶᠢᠨ ᠠᠵᠤ ᠦᠢᠯᠡᠰ ᠤᠨ ᠡᠯ᠎ᠡ ᠡᠲᠡᠭᠡᠳ ᠤᠨ ᠬᠥᠮᠥᠰ ᠲᠤ ᠰᠣᠯᠢᠯᠴᠠᠭᠠᠨ ᠤ ᠲᠠᠪᠴᠠᠩ ᠪᠠᠶᠢᠭᠤᠯᠵᠤ᠂ ᠬᠤᠪᠣᠷ ᠰᠢᠷᠣᠢ ᠶᠢᠨ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠠᠮᠲᠤᠷᠠᠯᠴᠠᠭᠠᠨ ᠤ ᠠᠵᠠ ᠲᠣᠬᠢᠶᠠᠯ ᠬᠠᠩᠭᠠᠵᠤ᠂ ᠳᠤᠮᠳᠠᠳᠤ ᠤᠯᠤᠰ ᠤᠨ ᠪᠤᠭᠤᠲᠤ · ᠬᠤᠪᠣᠷ ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠬᠤᠪᠣᠷ ᠰᠢᠷᠣᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠶᠢᠴᠢᠯᠠᠵᠤ᠂ ᠤᠯᠤᠰ ᠤᠨ ᠲᠠᠰ ᠤᠨ ᠬᠤᠪᠣᠷ ᠰᠢᠷᠣᠢ ᠶᠢᠨ ᠲᠡᠷᠢᠭᠦᠨ ᠤ ᠦᠢᠯᠡᠳᠬᠦ ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ᠃     ᠳᠤᠮᠳᠠᠳᠤ ᠤᠯᠤᠰ ᠤᠨ ᠪᠤᠭᠤᠲᠤ · ᠬᠤᠪᠣᠷ ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠢ 2009 ᠣᠨ ᠠᠴᠠ ᠡᠬᠢᠯᠡᠨ ᠡᠷᠬᠢᠯᠡᠵᠦ᠂ ᠨᠢᠭᠡᠨᠲᠡ ᠳᠡᠯᠡᠬᠡᠢ ᠶᠢᠨ ᠴᠢᠨᠠᠷᠲᠠᠢ ᠬᠤᠪᠣᠷ ᠰᠢᠷᠣᠢ ᠶᠢᠨ ᠠᠵᠤ ᠦᠢᠯᠡᠰ ᠤᠨ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭᠠᠨ ᠤ ᠲᠠᠪᠴᠠᠩ᠂ ᠬᠤᠪᠣᠷ ᠰᠢᠷᠣᠢ ᠶᠢᠨ ᠠᠵᠤ ᠦᠢᠯᠡᠰ ᠤᠨ ᠤᠯᠤᠰ ᠲᠦᠷᠦ ᠶᠢᠨ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠬᠦ ᠲᠠᠪᠴᠠᠩ᠂ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠰᠦᠪᠡᠭᠴᠢᠯᠡᠬᠦ ᠲᠠᠪᠴᠠᠩ ᠪᠣᠯᠣᠨ ᠬᠤᠪᠣᠷ ᠰᠢᠷᠣᠢ ᠶᠢᠨ ᠠᠵᠤ ᠦᠢᠯᠡᠰ ᠤᠨ ᠠᠷᠠᠯᠵᠢᠶᠠᠴᠢᠨ ᠤᠷᠢᠬᠤ ᠬᠠᠮᠲᠤᠷᠠᠯᠴᠠᠭᠠᠨ ᠤ ᠲᠠᠪᠴᠠᠩ ᠪᠣᠯᠣᠭᠰᠠᠨ ᠪᠠᠶᠢᠨ᠎ᠠ᠃ ︵ᠳ᠋ᠧᠩ ᠢᠦᠢ ᠰᠢᠶᠠ︶
 
ᠢᠷᠡᠯᠲᠡ᠄ ᠰᠢᠨᠬᠤᠸᠠ ᠬᠤᠷᠢᠶᠠᠨ ᠤ ᠬᠡᠷᠡᠭᠯᠡᠭᠴᠢ ᠶᠢᠨ ᠠᠪᠣᠯᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号