ᠵᠠᠯᠠᠭᠤ ᠨᠢᠭᠡ ᠦᠶ᠎ᠡ ᠶᠢᠨ ᠬᠢᠨ ᠢ ᠬᠥᠮᠥᠵᠢᠭᠦᠯᠬᠦ ᠳᠤ ᠰᠢᠨᠵᠢᠯᠡᠬᠦ ᠤᠬᠠᠭᠠᠨᠴᠢ ᠤᠷᠤᠭ ᠤᠨ ᠦᠵᠡᠯᠲᠡ ᠶᠢ ᠪᠤᠶ | ᠪᠣᠯᠭᠠᠵᠤ᠂ ᠵᠠᠩ ᠳᠠᠳᠬᠠᠯ ᠢ ᠥᠭᠡᠷᠡᠴᠢᠯᠡᠵᠦ᠂ ᠥᠨᠳᠥᠷ ᠦᠨ᠎ᠡ ᠶᠢᠨ ᠪᠡᠯᠡᠭ ᠰᠡᠯᠲᠡ ᠶᠢ ᠡᠰᠡᠷᠭᠦᠴᠡᠨ ᠬᠤᠷᠢᠭᠯᠠᠵᠤ᠂ | ᠤᠷᠤᠭ ᠤᠨ ᠶᠠᠪᠤᠳᠠᠯ ᠢ ᠰᠢᠨ᠎ᠡ ᠪᠠᠷ ᠡᠷᠭᠢᠯᠡᠬᠦ ᠨᠡᠶᠢᠭᠡᠮ ᠤᠨ ᠰᠢᠨ᠎ᠡ ᠰᠤᠷᠲᠠᠯ ᠢ ᠰᠠᠨᠠᠭᠠᠴᠢᠯᠠᠵᠤ᠂ ᠥᠷᠭᠡᠨ ᠣᠯᠠᠨ | ᠵᠠᠯᠠᠭᠤᠴᠤᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠠᠮᠢᠳᠤᠷᠠᠬᠤᠢ ᠶᠢᠨ ᠦᠵᠡᠯᠲᠡ᠂ ᠥᠷᠲᠡᠭ ᠤᠨ | ᠦᠵᠡᠯᠲᠡ ᠪᠠ ᠤᠷᠤᠭ ᠢᠨᠠᠭ ᠤᠨ ᠦᠵᠡᠯᠲᠡ ᠲᠠᠢ ᠪᠣᠯᠭᠠᠵᠤ᠂ ᠬᠠᠮᠲᠤ ᠪᠠᠷ ᠤᠷᠤᠭ ᠢᠨᠠᠭ ᠤᠨ ᠰᠢᠨ᠎ᠡ | ᠰᠤᠷᠲᠠᠯ ᠤᠨ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠵᠤ᠂ ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠤ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ 2024 ᠣᠨ ᠤ 8 ᠰᠠᠷ᠎ᠠ ᠶᠢᠨ | 10 ᠤ ᠦᠳᠡ ᠶᠢᠨ ᠡᠮᠦᠨ᠎ᠡ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠠᠯᠪᠠᠨ ᠠᠰᠠᠷ ᠲᠤ ︽ᠲᠤᠯᠤᠭᠠᠨ | ᠰᠠᠷ᠎ᠠ ᠶᠢᠨ ᠲᠤᠯᠤᠭᠠᠨ ᠤ ᠡᠳᠦᠷ· ᠬᠠᠶᠢᠷ᠎ᠠ ᠶᠢᠨ ᠠᠶᠠᠯᠠᠯ ᠢ ᠡᠬᠢᠯᠡᠭᠦᠯᠬᠦ︾ ᠭᠤᠣᠯ ᠰᠡᠳᠦᠪᠲᠦ ᠤᠷᠤᠭ ᠤᠨ | ᠪᠦᠷᠢᠳᠬᠡᠯ ᠤᠨ ᠬᠠᠮᠲᠤ ᠶᠢᠨ ᠦᠨᠡᠮᠯᠡᠯ ᠣᠯᠭᠤᠬᠤ ᠠᠵᠢᠯᠯᠠᠭ᠎ᠠ ᠦᠷᠨᠢᠭᠦᠯᠬᠦ ᠪᠣᠯᠣᠭᠰᠠᠨ ᠠᠴᠠ᠂ ᠤᠳᠤ ᠪᠦᠬᠦ | ᠬᠤᠳᠠ ᠠᠴᠠ 10 ᠬᠤᠣᠰ ᠰᠢᠨ᠎ᠡ ᠬᠥᠮᠥᠨ ᠠᠵᠢᠯᠯᠠᠭ᠎ᠠ ᠳᠤ ᠣᠷᠣᠯᠴᠠᠬᠤ ᠶᠢ ᠬᠠᠯᠠᠭᠤᠨ ᠢᠶᠠᠷ ᠬᠦᠰᠡᠨ ᠬᠦᠯᠢᠶᠡᠵᠦ | ᠪᠠᠶᠢᠨ᠎ᠠ︕ | ᠨᠢᠭᠡ᠂ ᠠᠵᠢᠯᠯᠠᠭ᠎ᠠ ᠶᠢᠨ ᠭᠤᠣᠯ ᠰᠡᠳᠦᠪ | ᠷᠣᠮᠠᠨᠲ᠋ᠢᠭ ᠳᠣᠯᠣᠭᠠᠨ ᠰᠠᠷ᠎ᠠ ᠶᠢᠨ ᠳᠣᠯᠣᠭᠠᠨ ᠤ ᠡᠳᠦᠷ ᠬᠠᠶᠢᠷ᠎ᠠ ᠶᠢᠨ ᠲᠥᠯᠥᠭᠡ ᠠᠶᠠᠯᠠᠯ ᠢᠶᠠᠨ ᠡᠬᠢᠯᠡᠭᠦᠯᠦᠶ᠎ᠡ | ᠬᠤᠶᠠᠷ᠂ ᠠᠵᠢᠯᠯᠠᠭᠠᠨ ᠤ ᠴᠠᠭ | 2024 ᠣᠨ ᠤ 8 ᠰᠠᠷ᠎ᠠ ᠶᠢᠨ 10 ᠤ ᠡᠳᠦᠷ ᠤᠨ ᠦᠳᠡ ᠶᠢᠨ ᠡᠮᠣᠨ᠎ᠡ | ᠭᠤᠷᠪᠠ᠂ ᠠᠵᠢᠯᠯᠠᠭ᠎ᠠ ᠬᠢᠬᠦ ᠭᠠᠵᠠᠷ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠡᠶᠢᠭᠡᠮ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠠᠯᠪᠠᠨ ᠠᠰᠠᠷ ᠤᠨ ᠳᠣᠲᠣᠷ᠎ᠠ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ | ᠬᠤᠲᠠ ᠶᠢᠨ ᠵᠢᠦ ᠶᠤᠸᠠᠨᠲ᠋ᠤᠭᠤᠷᠢᠭ ᠤᠨ ᠲᠢᠶᠠᠨ ᠵᠢᠶᠠᠨ ᠵᠠᠮ ᠤᠨ ᠲᠣᠭᠤᠭᠠᠨᠪᠣᠯᠠᠭ ᠪᠠᠯᠭᠠᠰᠣᠨ ᠤ ᠭᠤᠣᠯ ᠪᠠᠭ᠎ᠠ | ᠰᠤᠷᠭᠠᠭᠤᠯᠢ ᠶᠢᠨ ᠪᠠᠷᠠᠭᠤᠨ ᠬᠤᠶᠢᠲᠤ ᠲᠠᠯ᠎ᠠ︶ | ᠳᠥᠷᠪᠡ᠂ ᠡᠷᠭᠢᠯᠡᠭᠰᠡᠨ ᠨᠢᠭᠡᠴᠢ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ | | ᠲᠠᠪᠤ᠂ ᠠᠵᠢᠯᠯᠠᠭ᠎ᠠ ᠶᠢᠨ ᠠᠭᠤᠯᠭ᠎ᠠ | 1. ᠲᠤᠬᠠᠢ ᠶᠢᠨ ᠲᠠᠯᠠᠪᠤᠷ ᠲᠤ ᠦᠨᠡᠮᠯᠡᠯ ᠣᠯᠭᠤᠵᠤ᠂ ︽ᠣᠷᠤᠭ ᠤᠨ ᠲᠠᠩᠭᠠᠷᠢᠭ︾ ᠢ ᠤᠩᠰᠢᠨ ᠨᠡᠶᠢᠲᠡᠯᠡᠨ᠎ᠡ ᠃ | | 2᠂ ᠭᠡᠷᠡᠯ ᠵᠢᠷᠤᠭᠴᠢᠨ ᠢ ᠤᠷᠢᠵᠤ ᠰᠢᠨ᠎ᠡ ᠬᠥᠮᠥᠨ ᠳᠤ ᠬᠤᠷᠢᠮ ᠤᠨ ᠰᠡᠭᠦᠳᠡᠷ ᠲᠠᠲᠠᠭᠤᠯᠬᠤ ᠃ | 3᠂ ᠰᠣᠷᠭᠤᠭ ᠴᠡᠴᠡᠭ ᠪᠡᠯᠡᠭᠯᠡᠨ ︽ ᠦᠨᠢ ᠡᠭᠦᠷᠢᠳᠡ ᠶᠢᠨ ᠡᠶ᠎ᠡ ᠡᠪ︾ ᠶᠢ ᠪᠡᠯᠭᠡᠳᠡᠨ᠎ᠡ ᠃ | 4᠂ ᠲᠤᠰᠬᠠᠢ ᠮᠡᠷᠭᠡᠵᠢᠯ ᠤᠨ ᠪᠠᠭᠰᠢ ᠶᠢ ᠤᠷᠢᠵᠤ ᠰᠢᠨ᠎ᠡ ᠬᠥᠮᠥᠨ ᠳᠤ ᠤᠷᠤᠬ ᠭᠡᠷ ᠪᠦᠯᠢ ᠶᠢᠨ ᠬᠠᠪᠰᠤᠷᠤᠨ | ᠵᠢᠯᠤᠭᠤᠳᠬᠤ ᠲᠠᠶᠢᠯᠤᠮᠵᠢ ᠬᠢᠯᠭᠡᠬᠦ᠃ | ᠵᠢᠷᠭᠤᠭ᠎ᠠ᠂ ᠨᠡᠷ᠎ᠡ ᠮᠡᠳᠡᠭᠦᠯᠬᠦ ᠴᠠᠭ | 2024 ᠣᠨ ᠤ 7 ᠰᠠᠷ᠎ᠠ ᠶᠢᠨ 29 ᠤ ᠡᠳᠦᠷ ᠠᠴᠠ ᠡᠬᠢᠯᠡᠨ᠎ᠡ | ᠳᠣᠯᠤᠭ᠎ᠠ᠂ ᠨᠡᠷ᠎ᠡ ᠮᠡᠳᠡᠭᠦᠯᠬᠦ ᠨᠥᠬᠦᠴᠡᠯ ᠵᠢᠴᠢ ᠱᠠᠭᠠᠷᠳᠠᠯᠭ᠎ᠠ | 1᠂ ᠡᠷᠡᠭᠲᠡᠢ ᠡᠮᠡᠭᠲᠡᠢ ᠬᠤᠶᠠᠷ ᠡᠲᠡᠭᠡᠳ ᠢᠶᠠᠷ ᠢᠶᠠᠨ ᠡᠷᠬᠡᠪᠰᠢ ᠬᠠᠤᠯᠢ ᠳᠤ ᠲᠣᠭᠲᠠᠭᠠᠭᠰᠠᠨ ᠤᠷᠤᠭᠯᠠᠬᠤ | ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ ᠃ | 2᠂ ᠰᠢᠨ᠎ᠡ ᠬᠥᠮᠥᠨ ᠬᠤᠶᠠᠷ ᠲᠠᠯ᠎ᠠ ᠪᠠᠷ ᠢᠶᠠᠨ ᠰᠠᠶᠢᠨ ᠳᠤᠷ᠎ᠠ ᠠᠴᠠ ᠪᠠᠨ ᠬᠥᠳᠡᠯᠭᠡᠭᠡᠨ ᠳᠤ ᠣᠷᠣᠯᠴᠠᠵᠤ᠂ ᠪᠡᠶ᠎ᠡ | ᠮᠠᠬᠠᠪᠤᠳ ᠨᠢ ᠡᠷᠡᠭᠦᠯ ᠴᠢᠭᠢᠷᠠᠭ ᠪᠠᠶᠢᠬᠤ ᠃ | 3. ᠨᠥᠬᠦᠴᠡᠯ ᠳᠤ ᠨᠡᠶᠢᠴᠡᠬᠦ ᠰᠢᠨ᠎ᠡ ᠬᠥᠮᠥᠨ ᠬᠤᠶᠠᠷ ᠡᠲᠡᠭᠡᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ | ᠳᠡᠪᠲᠡᠷ ᠤᠨ ᠤᠭ ᠮᠠᠲ᠋ᠧᠷᠢᠶᠠᠯ᠂ ᠬᠤᠶᠠᠷ ᠡᠲᠡᠭᠡᠳ ᠤᠨ ᠣᠶᠢᠷ᠎ᠠ ᠶᠢᠨ ᠬᠤᠭᠤᠴᠠᠭᠠᠨ ᠤ ᠬᠠᠭᠠᠰ ᠪᠡᠶ᠎ᠡ ᠶᠢᠨ ᠮᠠᠯᠠᠭᠠᠢ | ᠦᠭᠡᠢ 2 ᠢᠮᠠᠬᠤ ᠶᠢᠨ ᠬᠠᠮᠲᠤ ᠶᠢᠨ ᠰᠡᠭᠦᠳᠡᠷ 3 ᠬᠤᠪᠢ ᠶᠢ ᠪᠡᠶ᠎ᠡ ᠳᠡᠭᠡᠨ ᠠᠪᠴᠤ ᠶᠠᠪᠤᠨ᠎ᠠ ᠃ | 4᠂ ᠲᠤᠰ ᠤᠳᠠᠭᠠᠨ ᠤ ᠠᠵᠢᠯᠯᠠᠭ᠎ᠠ ᠳᠤ ᠰᠢᠨ᠎ᠡ ᠬᠥᠮᠥᠨ ᠠᠴᠠ ᠶᠠᠮᠠᠷ ᠴᠤ ᠰᠦᠢᠳᠬᠡᠯ ᠬᠤᠷᠢᠶᠠᠬᠤ ᠦᠭᠡᠢ᠃ | ᠨᠠᠢᠮᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ | 1. ᠰᠦᠯᠵᠢᠶᠡᠨ ᠤ ᠲᠠᠪᠴᠠᠩ ᠳᠤ ᠤᠷᠢᠳᠴᠢᠯᠠᠨ ᠪᠣᠯᠵᠣᠵᠤ ᠨᠡᠷ᠎ᠡ ᠮᠡᠳᠡᠭᠦᠯᠬᠦ᠄ ︽ᠥᠪᠥᠷ ᠮᠣᠩᠭᠤᠯ ᠤᠨ | ᠲᠦᠷᠭᠡᠨ ᠬᠦᠢᠴᠡᠭᠡᠯᠳᠡ︾ ᠶᠢᠨ APP ᠶᠢ ᠪᠠᠭᠤᠯᠭᠠᠨ ᠠᠪᠴᠤ ᠨᠡᠭᠡᠭᠡᠵᠦ᠂ ︽ᠦᠢᠯᠡᠴᠢᠯᠡᠭᠡ︾ ᠶᠢ ᠰᠣᠩᠭᠤᠬᠤ | —— ︽ᠠᠮᠢᠳᠤᠷᠠᠯ ᠤᠨ ᠦᠢᠯᠡᠴᠢᠯᠡᠭᠡ︾ ᠶᠢ ᠰᠣᠩᠭᠤᠬᠤ —— ︽ᠣᠷᠤᠭ ᠤᠨ ᠪᠦᠷᠢᠳᠬᠡᠯ ᠤᠨ | ᠪᠣᠯᠵᠤᠭ᠎ᠠ︾ ᠶᠢ ᠰᠣᠩᠭᠤᠬᠤ —— ︽ᠣᠷᠤᠭ ᠤᠨ ᠪᠦᠷᠢᠳᠬᠡᠯ︾ ᠢ ᠰᠣᠩᠭᠤᠵᠤ ᠱᠠᠭᠠᠷᠳᠠᠯᠭ᠎ᠠ ᠶᠣᠰᠣᠭᠠᠷ | ᠬᠤᠪᠢ ᠬᠥᠮᠥᠨ ᠤ ᠮᠡᠳᠡᠭᠡ ᠵᠠᠩᠭᠢ ᠶᠢ ᠲᠠᠭᠯᠠᠪᠠᠯ ᠳᠠᠷᠤᠢ ᠪᠣᠯᠵᠤᠭ᠎ᠠ ᠶᠢ ᠪᠡᠶᠡᠯᠡᠭᠦᠯᠵᠦ ᠪᠣᠯᠣᠨ᠎ᠠ᠃ | 2. ᠤᠲᠠᠰᠤ ᠪᠠᠷ ᠨᠡᠷ᠎ᠡ ᠮᠡᠳᠡᠭᠦᠯᠬᠦ᠄ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠣᠷᠤᠭ ᠤᠨ ᠳᠠᠩᠰᠠᠯᠠᠯᠲᠠ ᠶᠢᠨ ᠭᠠᠵᠠᠷ ᠤᠨ ᠬᠠᠷᠢᠯᠴᠠᠬᠤ ᠤᠲᠠᠰᠤ ᠪᠠᠷ ᠤᠷᠢᠳᠴᠢᠯᠠᠨ ᠵᠠᠬᠢᠶᠠᠯᠠᠨ᠎ᠠ᠂ ᠬᠠᠷᠢᠯᠴᠠᠬᠤ | ᠤᠲᠠᠰᠤ 0472 — 5320070᠃ |