︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ︽ᠢᠳᠡᠭᠡᠨ ᠤᠮᠳᠠᠭᠠᠨ ᠤ ᠠᠮᠤᠷ ᠲᠦᠪᠰᠢᠨ ︾ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/8/9
   ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠴᠠᠭᠠᠬᠤ ᠬᠤᠷᠢᠶ᠎ᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠲᠦᠯᠬᠢᠨ ᠠᠬᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠢᠳᠡᠭᠡᠨ ᠤ ᠠᠮᠤᠷ ᠲᠦᠪᠰᠢᠨ ᠤ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ︽ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ ᠪᠦᠲᠦᠮᠵᠢᠲᠡᠶ ᠪᠠᠷ ᠰᠠᠶᠢᠲᠤᠷ ᠰᠢᠢᠳᠪᠦᠷᠢᠯᠡᠬᠦ︾ ᠪᠠᠷ ᠬᠠᠷᠠᠯᠲᠠ ᠪᠣᠯᠭᠠᠨ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠬᠠᠮᠠᠭᠠᠯᠠᠪᠠ᠃
   ᠣᠶᠢᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠴᠠᠭᠠᠬᠤ ᠬᠤᠷᠢᠶ᠎ᠠ ︽ᠨᠡᠶᠢᠲᠡ ᠶᠢᠨ ᠲᠥᠯᠥᠭᠡ ᠵᠢᠳᠬᠦᠬᠦ︾ ᠰᠠᠶᠢᠨ ᠳᠤᠷ᠎ᠠ ᠶᠢᠨ ᠠᠵᠢᠯᠯᠠᠭᠴᠢ ᠶᠢᠨ ᠢᠯᠡᠴᠢᠯᠡᠨ ᠮᠡᠳᠡᠭᠦᠯᠦᠭᠰᠡᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠷᠢᠶ᠎ᠠ ᠣᠷᠣᠨ ᠤ ᠬᠡᠰᠡᠭ ᠬᠤᠳᠠᠯᠳᠤᠭᠠᠨ ᠤ ᠬᠡᠲᠦ ᠳᠡᠯᠭᠡᠭᠦᠷ ᠲᠤ ᠡᠷᠡᠭᠦᠯᠵᠢᠯ ᠤᠨ ᠢᠳᠡᠭᠡᠨ ᠪᠠ ᠡᠩ ᠤᠨ ᠢᠳᠡᠭᠡᠨ ᠢ ᠬᠤᠯᠢᠵᠤ ᠲᠠᠯᠪᠢᠭᠰᠠᠨ᠂ ᠰᠤᠯᠠ ᠰᠠᠪᠠᠯᠠᠭᠰᠠᠨ ᠢᠳᠡᠭᠡᠨ ᠤ ᠰᠠᠪᠠ ᠳᠤ ᠦᠢᠯᠡᠳᠪᠦᠷᠢᠯᠡᠯ ᠤᠨ ᠲᠡᠮᠳᠡᠭ ᠦᠭᠡᠢ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ ᠡᠷᠡᠭᠦᠯᠵᠢᠯ ᠢᠳᠡᠭᠡᠨ ᠢ ᠡᠩ ᠤᠨ ᠢᠳᠡᠭᠡᠨ ᠲᠠᠢ ᠠᠳᠠᠯᠢ ᠦᠭᠡᠢ᠂ ᠬᠥᠮᠥᠨ ᠪᠣᠯᠭᠠᠨ ᠤᠷᠲᠤ ᠬᠤᠭᠤᠴᠠᠭ᠎ᠠ  ᠪᠠᠷ ᠢᠳᠡᠵᠦ ᠪᠣᠯᠬᠤ ᠪᠢᠰᠢ᠂ ᠬᠡᠲᠦᠷᠡᠲᠡᠯ᠎ᠡ ᠢᠳᠡᠪᠡᠯ ᠬᠥᠮᠥᠨ ᠤ ᠪᠡᠶ᠎ᠡ ᠳᠤ ᠬᠤᠣᠷ ᠬᠥᠨᠥᠭᠡᠯ ᠤᠴᠠᠷᠠᠭᠤᠯᠵᠤ ᠮᠡᠳᠡᠨ᠎ᠡ᠂ ᠡᠷᠡᠭᠦᠯᠵᠢᠯ ᠢᠳᠡᠭᠡᠨ ᠪᠠ ᠡᠩ ᠤᠨ ᠢᠳᠡᠭᠡᠨ ᠢ ᠬᠤᠯᠢᠵᠤ ᠲᠠᠯᠪᠢᠪᠠᠯ ᠬᠡᠷᠡᠭᠯᠡᠭᠴᠢᠳ ᠠᠮᠠᠷᠬᠠᠨ ᠪᠤᠷᠤᠭᠤ ᠣᠶᠢᠯᠠᠭᠠᠯᠲᠠ ᠲᠠᠢ ᠪᠣᠯᠵᠤ᠂ ᠪᠣᠭᠤᠳᠠᠯ ᠦᠭᠡᠢ ᠢᠳᠡᠭᠡᠨ ᠤ ᠰᠠᠪᠠ ᠶᠢᠨ ᠭᠠᠳᠠᠨ᠎ᠠ ᠲᠡᠮᠳᠡᠭ ᠪᠠᠶᠢᠬᠤ ᠦᠭᠡᠢ ᠪᠣᠯ ᠬᠡᠷᠡᠭᠯᠡᠭᠴᠢᠳ ᠤᠨ ᠪᠠᠶᠢᠳᠠᠯ ᠢ ᠮᠡᠳᠡᠬᠦ ᠡᠷᠬᠡ᠂ ᠰᠣᠩᠭᠤᠬᠤ ᠡᠷᠬᠡ ᠪᠠ ᠬᠢᠨᠠᠯᠲᠠ ᠲᠠᠯᠪᠢᠬᠤ ᠡᠷᠬᠡ ᠳᠤ ᠬᠠᠯᠳᠠᠨ᠎ᠠ᠃ ᠲᠤᠰ ᠬᠤᠷᠢᠶᠠᠨ ᠤ ᠨᠡᠶᠢᠲᠡ   ᠶᠢᠨ ᠠᠰᠠᠷᠠᠮᠵᠢ   ᠶᠢᠨ ᠵᠠᠷᠭᠤ   ᠶᠢᠨ ᠪᠠᠶᠢᠴᠠᠭᠠᠬᠤ ᠠᠵᠢᠯᠲᠠᠨ ᠲᠤᠬᠠᠢ   ᠶᠢᠨ ᠲᠠᠯᠠᠪᠤᠷ ᠲᠤ ᠬᠦᠷᠴᠦ ᠰᠤᠷᠪᠤᠯᠵᠢᠯᠠᠬᠤ ᠪᠠᠷ ᠳᠠᠮᠵᠢᠭᠤᠯᠤᠨ ᠢᠯᠡᠴᠢᠯᠡᠨ ᠮᠡᠳᠡᠭᠦᠯᠦᠭᠰᠡᠨ ᠰᠦᠪᠡᠭᠴᠢ ᠨᠢ ᠦᠨᠡᠨ ᠪᠣᠳᠠᠲᠠᠢ ᠪᠠᠶᠢᠬᠤ   ᠶᠢ ᠣᠯᠵᠤ ᠮᠡᠳᠡᠭᠡᠳ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠭᠰᠠᠨ ᠪᠥᠭᠡᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠪᠠᠶᠢᠴᠠᠭᠠᠬᠤ ᠰᠠᠨᠠᠭᠤᠯᠭ᠎ᠠ   ᠶᠢ ᠣᠯᠣᠭᠰᠠᠨ ᠤ ᠳᠠᠷᠠᠭ᠎ᠠ ᠦᠳᠲᠡᠷ ᠲᠦᠷᠭᠡᠨ ᠢᠶᠠᠷ ᠬᠥᠳᠡᠯᠦᠯᠴᠡᠵᠦ᠂ ᠬᠤᠳᠠᠯᠳᠤᠭᠠᠴᠢᠳ ᠲᠤ ᠵᠠᠷᠯᠢᠭᠳᠠᠨ ᠴᠡᠭᠴᠡᠯᠡᠨ ᠥᠭᠡᠷᠡᠴᠢᠯᠡᠭᠦᠯᠬᠦ ᠮᠡᠳᠡᠭᠳᠡᠯ ᠤᠨ ᠪᠢᠴᠢᠭ ᠪᠠᠭᠤᠯᠭᠠᠵᠠᠢ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠴᠠᠭᠠᠬᠤ ᠬᠤᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠬᠠᠮᠲᠤ ᠪᠠᠷ ︽ᠡᠷᠭᠢᠵᠦ ᠬᠠᠷᠠᠬᠤ︾ ᠠᠵᠢᠯᠯᠠᠭ᠎ᠠ ᠥᠷᠨᠢᠭᠦᠯᠵᠦ᠂ ᠬᠤᠯᠪᠣᠭᠳᠠᠭᠰᠠᠨ ᠬᠤᠳᠠᠯᠳᠤᠭᠠᠨ ᠤ ᠭᠡᠳᠤ ᠳᠡᠯᠭᠡᠭᠦᠷ ᠢ ᠨᠢᠭᠡᠨᠲᠡ ᠪᠦᠬᠦᠨ ᠢ ᠴᠡᠭᠴᠡᠯᠡᠨ ᠥᠭᠡᠷᠡᠴᠢᠯᠡᠵᠦ᠂ ᠡᠷᠬᠢᠨ ᠲᠣᠭᠤᠷᠢᠨ ᠤ ᠪᠤᠰᠤᠳ ᠬᠤᠳᠠᠯᠳᠤᠭᠠᠨ ᠤ ᠫᠦᠰᠡᠨ ᠳᠤ ᠴᠦ ᠳᠡᠭᠡᠷ᠎ᠡ ᠳᠤᠷᠠᠳᠤᠭᠰᠠᠨ ᠠᠰᠠᠭᠤᠳᠠᠯ ᠣᠷᠣᠰᠢᠬᠤ ᠦᠭᠡᠢ ᠪᠣᠯᠵᠠᠢ᠃ ᠡᠭᠦᠨ ᠤ ᠲᠤᠯᠠᠳᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠴᠠᠭᠠᠬᠤ ᠬᠤᠷᠢᠶ᠎ᠠ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢᠨ ᠲᠤᠬᠠᠢ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠠᠷᠠᠳ ᠤᠨ ᠬᠢᠨᠠᠯᠲᠠ ᠲᠠᠯᠪᠢᠭᠴᠢ ᠪᠠ ︽ᠨᠡᠶᠢᠲᠡ ᠶᠢᠨ ᠲᠥᠯᠥᠭᠡ ᠰᠡᠳᠬᠢᠯ ᠲᠠᠯᠪᠢᠬᠤ︾ ᠰᠠᠶᠢᠨ ᠳᠤᠷ᠎ᠠ ᠶᠢᠨ ᠠᠵᠢᠯᠯᠠᠭᠴᠢ ᠶᠢ ᠤᠷᠢᠨ ᠣᠷᠣᠯᠴᠠᠭᠤᠯᠵᠤ᠂ ᠤᠯᠠᠨ ᠢᠶᠠᠷ ᠢᠶᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠴᠡᠭᠴᠡᠯᠡᠨ ᠰᠠᠶᠢᠵᠢᠷᠠᠭᠤᠯᠬᠤ ᠶᠢ ᠰᠠᠨᠠᠯ ᠨᠢᠭᠡᠲᠡᠢ ᠪᠠᠲᠤᠯᠠᠪᠠ᠃
    2024 ᠣᠨ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠴᠠᠭᠠᠬᠤ ᠬᠤᠷᠢᠶ᠎ᠠ ᠢᠳᠡᠭᠡᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠳᠤ ᠪᠠᠶᠢᠴᠠᠭᠠᠬᠤ ᠬᠤᠷᠢᠶ᠎ᠠ ᠲᠣᠰ ᠬᠦᠷᠢᠶᠡᠨ ᠳᠠᠬᠢ 9 ᠬᠡᠷᠡᠭ ᠢ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠳᠤ ᠲᠣᠰ ᠬᠤᠷᠢᠶ᠎ᠠ ︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠠᠷᠠᠳ ᠣᠯᠠᠨ ᠤ ᠰᠠᠶᠢᠨ ᠰᠠᠶᠢᠬᠠᠨ ︽ᠢᠳᠡᠭᠡᠨ︾ ᠤ ᠬᠡᠷᠡᠯ ᠤᠨ ᠬᠠᠮᠠᠭᠠᠯᠠᠯᠲᠠ ᠶᠢᠨ ᠬᠠᠯᠬᠠᠪᠴᠢ ᠶᠢ ᠪᠠᠶᠢᠭᠤᠯᠬᠤ ᠪᠣᠯᠣᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号