ᠯᠢᠦ ᠵᠢᠤᠸᠠᠨ᠄ ︽ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠳᠤ ᠮᠣᠷᠠᠯ  ᠢ ᠲᠡᠷᠢᠭᠦᠨ ᠳᠤ ᠲᠠᠯᠪᠢᠬᠤ ᠬᠡᠷᠡᠭᠲᠡᠢ︾
ᠨᠡᠶᠢᠲᠡᠯᠡᠭᠰᠡᠨ ᠴᠠᠭ᠄
2024/9/11
       ᠯᠢᠦ ᠵᠢᠤᠸᠠᠨ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠢᠮᠢ ᠶᠢᠨ ᠵᠢᠭᠠᠨ ᠰᠤᠳᠤᠯᠬᠤ ᠳᠤᠭᠤᠶᠢᠯᠠᠩ ᠤᠨ ᠳᠠᠷᠤᠭ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠮᠢ ᠶᠢᠨ ᠠᠵᠢᠯ ᠤᠨ ᠲᠠᠰᠤᠭ ᠤᠨ ᠡᠷᠬᠢᠯᠡᠭᠴᠢ᠃ 27 ᠵᠢᠯ ᠤᠨ ᠲᠤᠷᠰᠢ᠂ ᠲᠡᠷᠡ ᠡᠨᠡᠷᠢᠩᠭᠦᠢ ᠰᠡᠳᠬᠢᠯ ᠢᠶᠠᠷ ᠡᠷᠬᠡ ᠲᠡᠭᠰᠢ ᠪᠠᠷ ᠠᠮᠢᠳᠤᠷᠠᠯ ᠢᠶᠠᠨ ᠬᠦᠯᠢᠶᠡᠵᠦ᠂ ᠰᠤᠷᠤᠭᠴᠢ ᠨᠢᠭᠡᠪᠦᠷᠢ ᠶᠢ ᠬᠤᠣᠰ ᠦᠭᠡᠢ ᠡᠷᠳᠡᠨᠢᠰ ᠤᠨ ᠰᠠᠩ ᠢᠶᠠᠷ ᠦᠵᠡᠨ ᠬᠠᠶᠢᠷ᠎ᠠ ᠰᠡᠳᠬᠢᠯ ᠢᠶᠠᠷ ᠢᠶᠠᠨ ᠣᠮᠳᠠᠯᠠᠭᠰᠠᠭᠠᠷ᠃ ᠲᠡᠷᠡ ᠰᠤᠷᠤᠭᠴᠢ ᠶᠢᠨ ᠬᠥᠭᠵᠢᠯᠲᠡ ᠪᠠᠷ ᠦᠨᠳᠦᠰᠦ ᠪᠣᠯᠭᠠᠨ ᠰᠤᠷᠤᠭᠴᠢ ᠶᠢᠨ ᠪᠣᠳᠠᠭᠠᠯᠢ ᠪᠡᠶ᠎ᠡ ᠶᠢᠨ ᠵᠥᠷᠢᠶ᠎ᠡ ᠶᠢ ᠬᠦᠨᠳᠦᠳᠬᠡᠵᠦ᠂ ᠭᠡᠷ ᠤᠨ ᠠᠬᠠᠮᠠᠳ ᠪᠣᠯᠣᠨ ᠰᠤᠷᠤᠭᠴᠢ ᠶᠢᠨ ᠱᠠᠭᠠᠷᠳᠠᠯᠭ᠎ᠠ ᠶᠢ ᠲᠡᠷᠢᠭᠦᠨ ᠪᠠᠶᠢᠷᠢᠨ ᠳᠤ ᠲᠠᠯᠪᠢᠳᠠᠭ᠃ ᠲᠡᠷᠡ ᠠᠵᠢᠯ ᠦᠢᠯᠡᠰ ᠢᠶᠠᠨ ᠳᠡᠭᠡᠳᠦᠯᠡᠨ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠠᠩᠬ᠎ᠠ ᠳᠤᠮᠳᠠᠳᠤ ᠶᠢᠨ ᠬᠢᠮᠢ ᠶᠢᠨ ᠵᠢᠭᠠᠨ ᠰᠤᠷᠭᠠᠯᠲᠠ ᠶᠢᠨ ᠠᠵᠢᠯ ᠳᠤ ᠪᠠᠨ ᠨᠢᠭᠡ ᠯᠡ ᠰᠡᠳᠬᠢᠯ ᠢᠶᠠᠷ ᠮᠡᠷᠡᠶᠢᠨ ᠴᠢᠷᠮᠠᠶᠢᠭᠰᠠᠨ ᠠᠴᠠ ᠰᠤᠷᠤᠭᠴᠢᠳ ᠤᠨ ᠬᠢᠷᠢ ᠪᠦᠲᠦᠮᠵᠢ ᠨᠢ ᠶᠡᠷᠦ ᠨᠢ ᠡᠮᠦᠨ᠎ᠡ ᠡᠩᠨᠡᠭᠡᠨ ᠳᠤ ᠣᠷᠣᠳᠠᠭ᠃
   ᠲᠡᠷᠡ ᠲᠤᠬᠠᠶᠢᠯᠠᠭᠰᠠᠨ ᠠᠵᠢᠯ ᠳᠠᠭᠠᠨ ᠭᠠᠷᠮᠠᠭᠠᠢ ᠰᠠᠶᠢᠨ ᠢᠯᠡᠷᠡᠯ ᠲᠠᠢ ᠪᠠᠷ ᠪᠠᠷᠠᠬᠤ ᠦᠭᠡᠢ᠂ ᠪᠠᠰᠠ ᠠᠨᠠᠪᠠᠳ ᠲᠠᠯᠢ ᠰᠢᠣᠬᠠᠨ ᠰᠤᠷᠭᠠᠨ ᠬᠥᠮᠦᠵᠢᠯ ᠤᠨ ᠦᠢᠯᠡᠰ ᠲᠤ ᠮᠠᠰᠢ ᠰᠡᠳᠬᠢᠯ ᠲᠠᠯᠪᠢᠳᠠᠭ᠃ ᠤᠯᠠᠨ ᠤᠳᠠᠭ᠎ᠠ ᠰᠤᠷᠭᠠᠨ ᠬᠥᠮᠦᠵᠢᠯ ᠢ ᠬᠥᠳᠡᠭᠡ ᠪᠠᠭᠤᠯᠭᠠᠵᠤ ᠵᠢᠱᠢᠶ᠎ᠡ ᠦᠵᠡᠭᠦᠯᠬᠦ ᠬᠢᠴᠢᠶᠡᠯ ᠪᠠ ᠲᠠᠶᠢᠯᠤᠮᠵᠢ ᠶᠢ 30 ᠭᠠᠷᠤᠢ ᠤᠳᠠᠭ᠎ᠠ ᠬᠢᠨ 10000 ᠭᠠᠷᠤᠢ ᠬᠥᠮᠥᠨ ᠳᠤ ᠬᠦᠮᠦᠵᠢᠯ ᠬᠦᠷᠳᠡᠭᠡᠨ ᠡᠯ᠎ᠡ ᠭᠠᠵᠠᠷ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠪᠣᠯᠣᠨ ᠪᠠᠭᠰᠢ ᠨᠠᠷ ᠤᠨ ᠰᠠᠶᠢᠨ ᠦᠨᠡᠯᠡᠯᠲᠡ ᠶᠢ ᠣᠯᠵᠠᠢ᠃
   ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠮᠢ ᠶᠢᠨ ᠠᠵᠢᠯ ᠤᠨ ᠲᠠᠰᠤᠭ ᠤᠨ ᠳᠠᠭᠠᠭᠤᠯᠤᠭᠴᠢ ᠪᠠ ᠲᠤᠰᠢᠶᠠᠯ ᠬᠠᠪᠰᠤᠷᠭᠠᠭᠰᠠᠨ ᠵᠢᠭᠠᠨ ᠰᠤᠳᠤᠯᠤᠭᠴᠢ ᠪᠣᠯᠤᠭᠰᠠᠨ ᠤ ᠬᠤᠪᠢ ᠳᠤ᠂ ᠯᠢᠦ ᠵᠢᠤᠸᠠᠨ ᠪᠠᠭᠰᠢ ᠪᠣᠯᠣᠨ ᠲᠡᠭᠦᠨ ᠤ ᠳᠠᠭᠠᠭᠤᠯᠤᠭᠰᠠᠨ ᠪᠦᠯᠬᠦᠮ ᠨᠢ ᠵᠢᠭᠠᠨ ᠰᠤᠳᠤᠯᠬᠤ ᠬᠦᠷᠢᠶᠡᠨ ᠳᠤ ᠢᠯᠡᠳᠲᠡ ᠦᠷ᠎ᠡ ᠪᠦᠲᠦᠭᠡᠯ ᠣᠯᠵᠠᠢ᠃ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠱᠠᠲᠤᠨ ᠤ ᠵᠢᠭᠠᠨ ᠰᠤᠳᠤᠯᠬᠤ ᠠᠵᠢᠯᠯᠠᠭ᠎ᠠ ᠳᠤ 30 ᠭᠠᠷᠤᠢ ᠤᠳᠠᠭ᠎ᠠ ᠣᠷᠣᠯᠴᠠᠵᠤ᠂ ᠵᠢᠱᠢᠶ᠎ᠡ ᠦᠵᠡᠭᠦᠯᠬᠦ ᠬᠢᠴᠢᠶᠡᠯ ᠢ 60 ᠭᠠᠷᠤᠢ ᠴᠠᠭ ᠬᠢᠨ᠂ ᠵᠠᠯᠠᠭᠤ ᠪᠠᠭᠰᠢ ᠶᠢ ᠬᠥᠮᠥᠵᠢᠭᠦᠯᠬᠦ 1+8 ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠵᠠᠯᠠᠭᠤ ᠪᠠᠭᠰᠢ ᠶᠢᠨ ᠭᠤᠣᠯᠯᠠᠭᠴᠢ ᠬᠦᠴᠦᠨ 15 ᠬᠥᠮᠥᠨ ᠢ ᠬᠥᠮᠥᠵᠢᠭᠦᠯᠵᠦ᠂ ᠠᠵᠢᠯᠯᠠᠬᠤ ᠲᠠᠰᠤᠭ ᠠᠴᠠ ᠪᠢᠴᠢᠨ ᠨᠡᠶᠢᠳᠡᠯᠡᠭᠰᠡᠨ 60 ᠭᠠᠷᠤᠢ ᠥᠭᠦᠯᠡᠯ ᠠᠴᠠ 16 ᠨᠢ ᠮᠤᠵᠢ ᠶᠢᠨ ᠱᠠᠲᠤᠨ ᠠᠴᠠ ᠳᠡᠭᠡᠭᠰᠢᠬᠢ ᠢᠷᠠᠭᠤ ᠠᠯᠳᠠᠷ ᠢ ᠬᠦᠷᠲᠡᠵᠡᠢ᠃ ᠯᠢᠦ ᠵᠢᠤᠸᠠᠨ ᠪᠠᠭᠰᠢ ᠶᠢᠨ ᠪᠢᠴᠢᠯ ᠬᠢᠴᠢᠶᠡᠯ᠂ ᠳᠠᠰᠬᠠᠯ ᠤᠨ ᠲᠥᠯᠥᠪᠯᠡᠭᠡ ᠵᠡᠷᠭᠡ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠨᠢ ᠴᠣ᠋ ᠣᠯᠠᠨ ᠳᠤ ᠮᠠᠭᠳᠠᠭᠳᠠᠨ ︽5.3 ᠶᠠᠰᠤ ᠴᠢᠨᠠᠷ ᠤᠨ ᠬᠠᠳᠠᠭᠠᠯᠠᠭᠳᠠᠬᠤ ᠬᠠᠤᠯᠢ︾ ᠶᠢᠨ ᠪᠢᠴᠢᠯ ᠬᠢᠴᠢᠶᠡᠯ ᠨᠢ 2022 ᠣᠨ ᠤ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠰᠣᠳᠣᠨ ᠬᠢᠴᠢᠶᠡᠯ ᠳᠤ ᠰᠣᠩᠭᠤᠭᠳᠠᠵᠠᠢ᠃
   ᠰᠤᠷᠤᠯᠴᠠᠯᠭ᠎ᠠ ᠪᠣᠯ ᠳᠠᠪᠰᠢᠯᠲᠠ ᠶᠢᠨ ᠱᠠᠲᠤ ᠭᠡᠳᠡᠭ ᠢ ᠯᠢᠦ ᠵᠢᠤᠸᠠᠨ ᠪᠠᠭᠰᠢ ᠬᠡᠨ ᠠᠴᠠ ᠴᠣ᠋ ᠰᠠᠶᠢᠨ ᠮᠡᠳᠡᠨ᠎ᠡ᠃ ᠲᠡᠷᠡ ᠡᠯ᠎ᠡ ᠱᠠᠲᠤᠨ ᠤ ᠰᠤᠳᠤᠯᠭᠠᠨ ᠳᠤ ᠢᠳᠡᠪᠬᠢᠲᠡᠢ ᠣᠷᠣᠯᠴᠠᠨ 10 ᠭᠠᠷᠤᠢ ᠲᠦᠮᠡᠨ ᠦᠰᠦᠭ ᠤᠨ ᠵᠢᠭᠠᠨ ᠰᠤᠷᠭᠠᠯᠲᠠ ᠶᠢᠨ ᠥᠭᠦᠯᠡᠯ ᠢ  ᠲᠣᠭᠤᠷᠪᠢᠨ᠂ 6 ᠵᠣᠬᠢᠶᠠᠯ ᠨᠡᠶᠢᠲᠡᠯᠡᠵᠡᠢ᠃ 5 ᠳᠡᠪᠲᠡᠷ ᠨᠣᠮ ᠪᠢᠴᠢᠭ ᠲᠤ ᠣᠷᠣᠯᠴᠠᠭᠰᠠᠨ ᠪᠤᠶᠤ ᠭᠤᠣᠯᠯᠠᠨ ᠨᠠᠶᠢᠷᠠᠭᠤᠯᠵᠤ᠂ ᠨᠠᠶᠢᠷᠠᠭᠤᠯᠤᠨ ᠪᠢᠴᠢᠭᠰᠡᠨ ︽ᠭᠦᠨᠵᠡᠭᠡᠢ ᠰᠤᠷᠤᠯᠴᠠᠬᠤ ᠳᠤ ᠰᠠᠭᠤᠷᠢᠯᠠᠭᠰᠠᠨ ᠠᠩᠬ᠎ᠠ ᠳᠤᠮᠳᠠᠳᠤ ᠶᠢᠨ ᠬᠢᠮᠢ ᠶᠢᠨ ᠨᠢᠭᠡᠴᠢ ᠶᠢᠨ ᠵᠢᠭᠠᠨ ᠰᠤᠷᠭᠠᠯᠲᠠ︾ ᠶᠢ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ ᠳᠤ ᠬᠡᠪᠯᠡᠭᠦᠯᠵᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号