ᠵᠠᠩ ᠸᠧᠢ᠂ ᠡᠭᠡᠯ ᠵᠢᠷ ᠤᠨ ᠠᠵᠢᠯ ᠤᠨ ᠪᠠᠶᠢᠷᠢ ᠶᠢᠨ ᠶᠡᠷᠦ ᠪᠤᠰᠤ ᠶᠢᠨ ᠪᠠᠷᠢᠮᠲᠠᠯᠠᠯ
ᠨᠡᠶᠢᠲᠡᠯᠡᠭᠰᠡᠨ ᠴᠠᠭ᠄
2024/9/12
     ᠵᠠᠩ ᠸᠧᠢ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠭ᠍ᠯᠢ ᠬᠡᠯᠡᠨ ᠤ ᠵᠢᠭᠠᠨ ᠰᠤᠳᠤᠯᠬᠤ ᠳᠤᠭᠤᠶᠢᠯᠠᠩ ᠤᠨ ᠳᠠᠷᠤᠭ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ︾᠃ ︽ᠡᠭᠡᠯ ᠵᠢᠷ ᠤᠨ ᠤᠴᠢᠷ ᠶᠠᠪᠤᠳᠠᠯ ᠪᠦᠬᠦᠨ ᠢ ᠰᠠᠶᠢᠨ ᠬᠢᠬᠦ ᠪᠣᠯ ᠳᠠᠷᠤᠢ ᠡᠭᠡᠯ ᠵᠢᠷ ᠤᠨ ᠪᠤᠰᠤ ᠶᠠᠪᠤᠳᠠᠯ ᠮᠥᠨ᠂ ᠳᠥᠭᠦᠮ ᠬᠢᠯᠪᠠᠷ ᠤᠴᠢᠷ ᠶᠠᠪᠤᠳᠠᠯ ᠪᠦᠬᠦᠨ   ᠢ ᠰᠠᠶᠢᠨ ᠬᠢᠬᠦ ᠪᠣᠯ ᠳᠠᠷᠤᠢ ᠬᠢᠯᠪᠠᠷ ᠪᠤᠰᠤ ᠶᠠᠪᠤᠳᠠᠯ ᠮᠥᠨ︾᠃ ᠡᠨᠡ ᠪᠣᠯ ᠲᠡᠭᠦᠨ ᠤ ᠬᠠᠮᠤᠭ ᠤᠨ ᠳᠤᠷᠠᠲᠠᠢ ᠰᠤᠷᠭᠠᠨ ᠬᠥᠮᠦᠵᠢᠯ ᠤᠨ ᠰᠡᠴᠡᠨ ᠦᠭᠡ ᠮᠥᠨ᠃ 20 ᠵᠢᠯ ᠤᠨ ᠲᠤᠷᠰᠢ᠂ ᠲᠡᠷᠡ ᠬᠢᠴᠢᠶᠡᠯ ᠪᠣᠯᠭᠠᠨ ᠢ ᠨᠠᠷᠢᠨ ᠨᠢᠮᠪᠠᠢ ᠪᠡᠯᠡᠳᠬᠡᠵᠦ ᠰᠣᠷᠣᠯᠴᠠᠨ ᠬᠠᠮᠤᠭ ᠤᠨ ᠪᠣᠷᠣᠭᠵᠢᠭᠤᠨ ᠠᠷᠭ᠎ᠠ ᠪᠠᠷ ᠵᠢᠭᠠᠨ ᠰᠤᠷᠭᠠᠯᠲᠠ ᠪᠠ ᠰᠤᠷᠤᠭᠴᠢᠳ ᠲᠤ  ᠬᠠᠨᠳᠣᠳᠠᠭ᠃ 2019 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ᠂ ᠲᠡᠭᠦᠨ ᠤ ᠳᠠᠭᠠᠭᠤᠯᠤᠭᠰᠠᠨ ᠠᠩᠭᠢ ᠶᠢᠨ ᠠᠩᠭ᠍ᠯᠢ ᠬᠡᠯᠡᠨ ᠤ ᠳᠤᠮᠳᠠᠴᠢ ᠬᠤᠪᠢ ᠨᠢ 120 ᠬᠤᠪᠢ᠂ 140 ᠬᠤᠪᠢ ᠠᠴᠠ ᠳᠡᠭᠡᠭᠰᠢ ᠨᠢ 3 ᠬᠥᠮᠥᠨ᠂ ᠬᠠᠮᠤᠭ ᠤᠨ ᠥᠨᠳᠥᠷ ᠬᠤᠪᠢ  ᠨᠢ 143 ᠬᠤᠪᠢ ᠪᠣᠯᠣᠨ᠎ᠠ᠃
    ᠲᠡᠷᠡ ᠰᠢᠨᠲᠠᠷᠠᠰᠢ ᠦᠭᠡᠢ ᠰᠡᠳᠬᠢᠯ ᠲᠠᠯᠪᠢᠨ ᠰᠣᠷᠣᠯᠴᠠᠨ ᠡᠯ᠎ᠡ ᠱᠠᠲᠤᠨ ᠤ ᠡᠯ᠎ᠡ ᠲᠦᠷᠦᠯ ᠤᠨ ᠪᠣᠯᠪᠠᠰᠤᠷᠠᠯ᠂ ᠥᠭᠦᠯᠡᠯ ᠤᠨ ᠤᠷᠤᠯᠳᠤᠭᠠᠨ ᠪᠣᠯᠣᠨ ᠰᠡᠳᠦᠪ ᠤᠨ ᠰᠤᠳᠤᠯᠭᠠᠨ ᠳᠤ ᠢᠳᠡᠪᠬᠢᠲᠡᠢ ᠣᠷᠣᠯᠴᠠᠵᠤ᠂ ᠲᠤᠰᠬᠠᠢ ᠮᠡᠷᠭᠡᠵᠢᠯ ᠤᠨ ᠪᠣᠯᠪᠠᠰᠤᠷᠠᠯ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠡᠢ᠃ 2008 ᠣᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠨᠡᠶᠢᠭᠡᠮᠯᠢᠭ ᠤᠨ ᠰᠢᠯᠢᠳᠡᠭ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠦᠯᠡᠯ ᠤᠨ ᠰᠢᠯᠭᠠᠷᠠᠭᠤᠯᠤᠯᠲᠠ ᠳᠤ᠂ ︽ᠰᠢᠨ᠎ᠡ ᠬᠢᠴᠢᠶᠡᠯ ᠤᠨ ᠪᠠᠷᠢᠮᠵᠢᠶ᠎ᠠ ᠳᠣᠣᠷᠠᠬᠢ ᠠᠩᠭ᠍ᠯᠢ ᠬᠡᠯᠡᠨ ᠤ ᠪᠠᠭᠰᠢ ᠶᠢᠨ ᠰᠢᠨ᠎ᠡ ᠱᠠᠭᠠᠷᠳᠠᠯᠭ᠎ᠠ︾ ᠭᠡᠬᠦ ᠥᠭᠦᠯᠡᠯ ᠨᠢ ᠬᠤᠶᠠᠳᠤᠭᠠᠷ ᠳᠡᠰ ᠤᠨ ᠱᠠᠩᠨᠠᠯ ᠭᠥᠷᠳᠡᠪᠡ︔ 2009 ᠣᠨ ᠳᠤ ︽ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭ᠍ᠯᠢ ᠬᠡᠯᠡᠨ ᠤ ᠡᠩ ᠤᠨ ᠤᠩᠰᠢᠯᠭ᠎ᠠ ᠶᠢᠨ ᠵᠢᠭᠠᠨ ᠰᠤᠷᠭᠠᠯᠲᠠ︾ ᠭᠡᠬᠦ ᠵᠣᠬᠢᠶᠠᠯ  ᠨᠢ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠲᠤᠷᠰᠢᠯᠲᠠ ᠶᠢᠨ ᠲᠥᠪ ᠤᠨ ᠭᠠᠳᠠᠭᠠᠳᠤ ᠬᠡᠯᠡᠨ ᠤ ᠰᠤᠷᠭᠠᠨ ᠬᠥᠮᠦᠵᠢᠯ ᠤᠨ ᠰᠤᠳᠤᠯᠭᠠᠨ ᠤ ᠲᠥᠪ ᠲᠤ ᠤᠯᠤᠰ ᠤᠨ ᠬᠤᠶᠠᠳᠤᠭᠠᠷ ᠳᠡᠰ ᠤᠨ ᠱᠠᠩᠨᠠᠯ ᠬᠦᠷᠳᠡᠨ 2017 ᠣᠨ ᠳᠤ᠂ ᠰᠡᠳᠦᠪ ︽ᠰᠣᠷᠣᠭᠴᠢ ᠶᠢᠨ ᠭᠤᠣᠯᠯᠠᠬᠤ ᠬᠡᠪ ᠪᠣᠯᠪᠠᠰᠤᠷᠠᠯ ᠳᠤ ᠰᠠᠭᠤᠷᠢᠯᠠᠭᠰᠠᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠷᠭ᠎ᠠ ᠪᠣᠳᠣᠯᠭ᠎ᠠ ᠶᠢᠨ ᠰᠤᠳᠤᠯᠤᠯ︾ ᠨᠢ ᠶᠡᠷᠦᠩᠬᠡᠢ ᠰᠡᠳᠦᠪ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ ᠬᠦᠷᠳᠡᠪᠡ᠃
    ᠵᠠᠩ ᠸᠧᠢ ᠪᠠᠭᠰᠢ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠰᠢᠨ᠎ᠡ ᠬᠢᠴᠢᠶᠡᠯ ᠤᠨ ᠪᠠᠷᠢᠮᠵᠢᠶ᠎ᠠ᠂ ᠰᠢᠨ᠎ᠡ ᠵᠢᠭᠠᠬᠤ ᠮᠠᠲ᠋ᠧᠷᠢᠶᠠᠯ᠂ ᠰᠢᠨ᠎ᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠠᠷ ᠰᠤᠳᠤᠯᠤᠭᠳᠠᠬᠤᠨ ᠢᠶᠠᠨ ᠪᠣᠯᠭᠠᠵᠤ᠂ ᠵᠢᠭᠠᠨ ᠰᠤᠷᠭᠠᠯᠲᠠ ᠶᠢᠨ ᠪᠣᠳᠠᠲᠠᠢ ᠳᠤᠮᠳᠠ ᠢᠯᠡᠷᠡᠭᠰᠡᠨ ᠰᠢᠨ᠎ᠡ ᠠᠰᠠᠭᠤᠳᠠᠯ ᠢ ᠰᠦᠪᠡᠭᠴᠢᠯᠡᠨ ᠰᠢᠢᠳᠪᠦᠷᠢᠯᠡᠵᠦ᠂ ᠪᠥᠬᠦ ᠳᠤᠭᠤᠶᠢᠯᠠᠩ ᠤᠨ ᠠᠩᠭ᠍ᠯᠢ ᠬᠡᠯᠡᠨ ᠤ ᠪᠠᠭᠰᠢ ᠶᠢ ᠳᠠᠭᠠᠭᠤᠯᠤᠨ ᠬᠠᠮᠲᠤ ᠪᠠᠷ ᠳᠡᠪᠰᠢᠪᠡ᠃ ᠲᠤᠰᠬᠠᠢ ᠰᠡᠳᠦᠪᠲᠦ ᠲᠠᠶᠢᠯᠤᠮᠵᠢ ᠬᠢᠬᠦ᠂ ᠰᠤᠷᠭᠠᠨ ᠬᠥᠮᠦᠵᠢᠯ ᠢ ᠬᠥᠳᠡᠭᠡ ᠲᠣᠰᠬᠤᠨ ᠳᠤ ᠬᠦᠷᠭᠡᠬᠦ᠂ ᠶᠠᠷᠢᠯᠴᠠᠭᠠᠨ ᠤ ᠲᠠᠪᠴᠠᠩ ᠳᠤ ᠣᠷᠣᠯᠴᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠲᠡᠷᠢᠭᠦᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠢᠳᠡᠪᠬᠢᠲᠡᠢ ᠪᠠᠷ ᠤᠬᠠᠭᠤᠯᠤᠨ ᠳᠡᠯᠭᠡᠷᠡᠭᠦᠯᠪᠡ᠃ 2019 ᠣᠨ ᠳᠤ᠂ ᠲᠡᠷᠡ ᠥᠪᠡᠷᠲᠡᠭᠡᠨ ᠵᠠᠰᠠᠬᠤ ᠣᠷᠣᠨ ᠤ ᠠᠳᠠᠯᠢ ᠳᠠᠪᠲᠠᠮᠵᠢ ᠶᠢᠨ ᠬᠠᠷᠢᠯᠴᠠᠨ ᠦᠢᠯᠡᠳᠦᠯᠴᠡᠬᠦ ᠵᠢᠭᠠᠨ ᠰᠤᠳᠤᠯᠬᠤ ᠠᠵᠢᠯᠯᠠᠭ᠎ᠠ ᠳᠤ᠂ ︽ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠭᠰᠠᠨ ︿ᠵᠢᠭᠠᠬᠤ ︱ ᠰᠤᠷᠬᠤ ︱ ᠦᠨᠡᠯᠡᠬᠦ﹀ ᠨᠢᠭᠡᠳᠦᠯᠲᠡᠢ ᠤᠩᠰᠢᠯᠭ᠎ᠠ ᠶᠢᠨ ᠵᠢᠭᠠᠨ ᠰᠤᠷᠭᠠᠯᠲᠠ︾ ᠶᠢᠨ ᠲᠤᠷᠰᠢᠯᠭ᠎ᠠ ᠪᠠᠨ ᠬᠤᠪᠢᠶᠠᠯᠴᠠᠨ ᠥᠪᠡᠷᠲᠡᠭᠡᠨ ᠵᠠᠰᠠᠬᠤ ᠣᠷᠣᠨ ᠤ ᠵᠢᠭᠠᠨ ᠰᠤᠳᠤᠯᠬᠤ ᠲᠠᠰᠤᠭ ᠪᠣᠯᠣᠨ ᠥᠷᠭᠡᠨ ᠤᠯᠠᠨ ᠰᠤᠷᠭᠠᠨ ᠬᠥᠮᠦᠵᠢᠯ ᠤᠨ ᠬᠠᠮᠲᠤ ᠨᠥᠬᠦᠳ ᠤᠨ ᠳᠡᠭᠡᠳᠦ ᠬᠡᠮᠵᠢᠶᠡᠨ ᠤ ᠰᠠᠶᠢᠨ ᠦᠨᠡᠯᠡᠯᠳᠡ ᠶᠢ ᠣᠯᠵᠠᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号