ᠯᠢᠦ ᠨᠠ᠂ ᠵᠣᠷᠢᠭᠲᠠᠢ ᠪᠠᠷ ᠲᠦᠷᠦᠭᠦᠯᠡᠬᠦ ︽ᠬᠤᠣᠰ ᠳᠠᠭᠠᠭᠤᠯᠤᠭᠴᠢ︾
ᠨᠡᠶᠢᠲᠡᠯᠡᠭᠰᠡᠨ ᠴᠠᠭ᠄
2024/9/12
    ᠯᠢᠦ ᠨᠠ᠂ ᠬᠦᠩ ᠴᠢᠩ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ᠂ ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠳᠤᠮᠳᠠ᠂ ᠲᠡᠷᠡ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠵᠢᠭᠠᠨ ᠰᠤᠷᠭᠠᠵᠤ᠂ ᠶᠣᠰᠣ ᠰᠤᠷᠲᠠᠬᠤᠨ ᠢᠶᠠᠷ ᠰᠤᠷᠭᠠᠨ ᠬᠥᠮᠥᠵᠢᠭᠦᠯᠵᠦ᠂ ᠴᠠᠭ ᠢᠮᠠᠭᠲᠠ ︽ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠨᠡᠷᠡᠨ ᠬᠤᠸᠠᠷ︾ ᠢ ᠬᠡᠦᠬᠡᠳ ᠨᠢᠭᠡᠪᠦᠷᠢ ᠶᠢᠨ ᠰᠡᠳᠬᠢᠯ ᠳᠤ ᠣᠷᠭᠤᠯᠵᠠᠢ᠃
    ᠲᠡᠭᠦᠨ ᠤ ᠨᠥᠯᠥᠭᠡ ᠪᠠᠷ᠂ ᠤᠯᠠᠨ ᠰᠤᠷᠤᠭᠴᠢ ᠬᠢᠴᠢᠶᠡᠯ ᠤᠨ ᠲᠠᠶᠢᠰᠠᠨ ᠳᠤ ᠭᠠᠷᠴᠤ᠂ ᠢᠷᠠᠭᠤ ᠠᠯᠳᠠᠷᠲᠤ ᠠᠷᠠᠳ ᠤᠨ ᠪᠠᠭᠰᠢ ᠪᠣᠯᠪᠠ᠃  ᠡᠾᠧ ᠲᠢᠶᠠᠨ ᠢᠦᠢ ᠪᠠᠭᠰᠢ ᠪᠣᠯ ᠯᠢᠦ ᠨᠠ ᠶᠢᠨ ᠠᠩᠬᠠᠳᠤᠭᠠᠷ ᠬᠤᠭᠤᠴᠠᠭᠠᠨ ᠤ ᠲᠡᠭᠦᠰᠦᠭᠰᠡᠨ ᠰᠤᠷᠤᠭᠴᠢ ᠪᠣᠯᠣᠨ᠎ᠠ᠂ ᠯᠢᠦ ᠪᠠᠭᠰᠢ ᠶᠢᠨ ᠨᠥᠯᠥᠭᠡ ᠪᠠᠷ ᠲᠡᠷᠡ ᠬᠡᠯᠡ ᠪᠢᠴᠢᠭ ᠤᠨ ᠪᠠᠭᠰᠢ ᠪᠣᠯᠬᠤ ᠶᠢ ᠡᠷᠡᠰ ᠰᠣᠩᠭᠤᠭᠰᠠᠨ ᠪᠥᠭᠡᠳ ᠬᠦᠩ ᠴᠢᠩ ᠳᠤᠮᠳᠠᠳᠤ ᠰᠤᠷᠭᠠᠭᠤᠯᠢ ᠳᠤ ᠪᠠᠨ ᠪᠤᠴᠠᠵᠤ ᠪᠠᠭᠰᠢᠯᠠᠪᠠ᠂ ᠤᠳᠤ ᠪᠠᠭᠰᠢ ᠰᠤᠷᠤᠭᠴᠢᠳ ᠭᠠᠷ ᠬᠤᠯᠪᠣᠨ ᠰᠤᠷᠭᠠᠨ ᠬᠥᠮᠥᠵᠢᠭᠦᠯᠦᠭᠴᠢ ᠶᠢᠨ ᠤᠯᠠᠮᠵᠢᠯᠠᠯ ᠪᠠ ᠬᠠᠷᠢᠭᠤᠴᠠᠯᠭ᠎ᠠ ᠶᠢ ᠡᠷᠭᠦᠷᠭᠡᠯᠡᠨ ᠬᠮᠠᠳᠣ  ᠪᠠᠷ ᠮᠡᠷᠡᠶᠢᠨ ᠲᠡᠮᠡᠴᠡᠵᠣ ᠪᠠᠶᠢᠨ᠎ᠠ᠃
    ᠪᠤᠭᠤᠲᠤ ᠬᠤᠲᠠ ᠶᠢᠨ ᠬᠡᠯᠡ ᠪᠢᠴᠢᠭ ᠤᠨ ᠰᠢᠨᠵᠢᠯᠡᠭᠡᠨ ᠤ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠥᠨᠳᠥᠷ ᠪᠦᠲᠦᠮᠵᠢᠲᠡᠶ ᠬᠢᠴᠢᠶᠡᠯ ᠤᠨ ᠲᠠᠩᠬᠢᠮ ᠪᠣᠯ ᠲᠡᠭᠦᠨ ᠤ ᠥᠨᠢ ᠡᠭᠦᠷᠢᠳᠡ ᠶᠢᠨ ᠴᠥᠬᠦᠷᠡᠰᠢ ᠦᠭᠡᠢ ᠬᠥᠭᠡᠭᠡᠴᠡᠯᠳᠦᠯ ᠮᠥᠨ᠃ ᠲᠡᠷᠡ ᠵᠣᠷᠢᠭᠲᠠᠢ ᠪᠠᠷ ᠰᠢᠨ᠎ᠡ ᠶᠢ ᠡᠭᠦᠳᠴᠦ᠂ ᠵᠢᠭᠠᠬᠤ ᠮᠠᠲ᠋ᠧᠷᠢᠶᠠᠯ ᠵᠢᠭᠠᠬᠤ ᠠᠷᠭ᠎ᠠ ᠶᠢ ᠨᠢᠭᠡ ᠯᠡ ᠰᠡᠳᠬᠢᠯ ᠢᠶᠠᠷ ᠰᠤᠳᠤᠯᠵᠤ᠂ ᠬᠢᠴᠢᠶᠡᠯ ᠤᠨ ᠲᠡᠮᠳᠡᠭ ᠤᠨ ᠠᠭᠤᠯᠤᠭᠳᠠᠬᠤᠨ ᠢ ᠭᠦᠨᠵᠡᠭᠡᠢ ᠣᠶᠢᠯᠠᠭᠠᠨ᠂ ᠵᠢᠭᠠᠨ ᠰᠤᠷᠭᠠᠬᠤ ᠤᠷ᠎ᠠ ᠮᠡᠷᠭᠡᠵᠢᠯ ᠢ ᠳᠠᠰᠤᠷᠠᠯᠳᠠ ᠦᠭᠡᠢ ᠨᠠᠷᠢᠨ ᠨᠢᠮᠪᠠᠢ ᠲᠥᠯᠥᠪᠯᠡᠨ᠂ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠨ᠂ ᠰᠤᠷᠤᠯᠴᠠᠬᠤ ᠣᠷᠴᠢᠨ ᠠᠬᠤᠢ ᠶᠢ ᠪᠤᠢ ᠪᠣᠯᠭᠠᠬᠤ ᠶᠢ ᠴᠢᠬᠤᠯᠠᠴᠢᠯᠠᠵᠤ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠵᠦ᠂ ᠠᠭᠤᠵᠢᠭᠤ ᠲᠠᠯᠪᠢᠭᠤ ᠠᠮᠢᠳᠤᠯᠢᠭ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠨ ᠥᠪᠡᠷ ᠤᠨ ᠥᠪᠡᠷᠮᠢᠴᠡ ᠣᠨᠴᠠᠯᠢᠭ ᠪᠦᠬᠦᠢ ᠵᠢᠭᠠᠨ ᠰᠤᠷᠭᠠᠬᠤ ᠬᠡᠪ ᠨᠠᠮᠪᠠ ᠪᠠᠨ ᠠᠭᠠᠵᠢᠮ ᠢᠶᠠᠷ ᠪᠦᠷᠢᠯᠳᠦᠭᠦᠯᠦᠭᠰᠡᠨ ᠪᠠᠶᠢᠨ᠎ᠠ᠃ 2019 ᠣᠨ ᠪᠠ 2020 ᠣᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠢᠩᠭᠡᠬᠡᠨ ᠦᠢᠯᠡᠳᠬᠦ ᠠᠵᠢᠯ ᠳᠤ ᠵᠠᠯᠭᠠᠭ᠎ᠠ ᠪᠠᠷ ᠣᠷᠣᠯᠴᠠᠪᠠ᠃ ᠲᠡᠷᠡ ᠰᠤᠳᠤᠯᠭᠠᠨ ᠳᠤ ᠢᠳᠡᠪᠬᠢᠲᠡᠢ ᠣᠷᠣᠯᠴᠠᠵᠤ᠂ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠳᠦᠪ ᠤᠨ ︽ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠶᠡᠭᠡ ᠨᠢᠭᠡᠴᠢ ᠶᠢᠨ ᠵᠢᠭᠠᠨ ᠰᠤᠷᠭᠠᠯᠲᠠ︾᠂ ︽ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠨᠢᠭᠡᠴᠢ ᠶᠢᠨ ᠵᠣᠬᠢᠶᠠᠨ ᠪᠢᠴᠢᠯᠭᠡ ᠵᠢᠭᠠᠨ ᠰᠤᠷᠭᠠᠯᠲᠠ ᠳᠤ ᠵᠢᠭᠠᠬᠤ ᠮᠠᠲ᠋ᠧᠷᠢᠶᠠᠯ ᠢ ᠪᠦᠲᠦᠮᠵᠢᠲᠡᠶ ᠬᠡᠷᠡᠭᠯᠡᠬᠦ ᠠᠷᠭ᠎ᠠ ᠪᠣᠳᠣᠯᠭ᠎ᠠ ᠶᠢᠨ ᠰᠤᠳᠤᠯᠤᠯ︾ ᠳᠤ ᠣᠷᠣᠯᠴᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号