ᠰᠤᠷᠤᠬᠴᠢᠳ ᠲᠤ ᠵᠣᠷᠢᠭᠤᠯᠤᠭᠰᠠᠨ ᠮᠡᠬᠡᠯᠡᠯ ᠢ ᠰᠡᠷᠭᠡᠶᠢᠯᠡᠬᠦ ᠰᠠᠨᠠᠭᠤᠯᠤᠮᠵᠢ
ᠨᠡᠶᠢᠲᠡᠯᠡᠭᠰᠡᠨ ᠴᠠᠭ᠄
2024/9/13
    ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠯ᠎ᠡ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠥᠪ ᠰᠣᠷᠣᠬᠴᠢᠳ ᠲᠤ ᠠᠮᠠᠷᠬᠠᠨ ᠲᠣᠬᠢᠶᠠᠯᠳᠤᠬᠤ ᠬᠡᠳᠦᠨ ᠵᠦᠢᠯ ᠤᠨ ᠮᠡᠬᠡᠯᠡᠯ ᠢ ᠡᠮᠬᠢᠯᠡᠵᠦ᠂ ᠥᠷᠭᠡᠨ ᠣᠯᠠᠨ ᠰᠣᠷᠣᠬᠴᠢ᠂ ᠢᠯᠠᠩᠭᠤᠶ᠎ᠠ ᠣᠶᠤᠲᠠᠳ ᠤᠨ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠮᠡᠬᠡᠯᠡᠯ ᠤᠨ ︽ᠤᠨᠠᠭᠤᠯᠢ︾ ᠠᠴᠠ ᠵᠠᠶᠢᠯᠠᠰᠬᠢᠬᠦ ᠶᠢ ᠰᠠᠨᠠᠭᠤᠯᠪᠠ᠃    ★ ᠵᠠᠬᠢᠶᠠᠯᠠᠭ᠎ᠠ ᠨᠡᠮᠡᠭᠳᠡᠭᠦᠯᠵᠦ ᠵᠣᠭᠤᠰ ᠪᠤᠴᠠᠭᠠᠬᠤ ᠮᠡᠬᠡᠯᠡᠯ᠃ ᠮᠡᠬᠡᠯᠡᠭᠴᠢ ᠶᠡᠷᠦ ᠨᠢ ᠣᠬᠤᠷ ᠮᠡᠳᠡᠭᠡ᠂ ᠤᠲᠠᠰᠤ᠂ ᠵᠢᠷᠭᠢᠶ᠎ᠡ ᠵᠡᠷᠭᠡ ᠪᠠᠷ ᠳᠠᠮᠵᠢᠭᠤᠯᠤᠨ ᠵᠠᠬᠢᠶᠠᠯᠠᠭ᠎ᠠ ᠨᠡᠮᠡᠭᠳᠡᠭᠦᠯᠬᠦ ᠡᠭᠦᠷᠭᠡ ᠶᠢ ᠨᠡᠶᠢᠲᠡᠯᠡᠵᠦ᠂ ᠬᠥᠮᠥᠰ ᠢ ᡁᠢ ᠹᠦ᠋ ᠪᠤᠤ᠂ ᠰᠢᠯᠵᠢᠶ᠎ᠡ ᠶᠢᠨ ᠬᠤᠯᠪᠤᠭ᠎ᠠ ᠳᠤ ᠠᠷᠭᠠᠳᠠᠨ ᠲᠠᠲᠠᠵᠤ ᠣᠷᠣᠭᠤᠯᠳᠠᠭ᠃ ᠠᠩᠬ᠎ᠠ ᠡᠬᠢᠯᠡᠬᠦ ᠳᠡᠭᠡᠨ ᠮᠡᠬᠡᠯᠡᠭᠴᠢ ᠵᠦᠪᠭᠡᠨ ᠡᠷᠡᠬᠡᠢ ᠱᠠᠩᠨᠠᠬᠤ ᠮᠡᠲᠦ ᠶᠢᠨ ᠵᠢᠵᠢᠭ ᠡᠭᠦᠷᠭᠡ ᠶᠢ ᠪᠡᠶᠡᠯᠡᠭᠦᠯᠪᠡᠯ ᠳᠠᠷᠤᠢ ᠵᠣᠭᠤᠰ ᠪᠤᠴᠠᠭᠠᠵᠤ ᠬᠥᠮᠥᠰ ᠤᠨ ᠢᠲᠡᠭᠡᠯ ᠢ ᠣᠯᠵᠤ᠂ ᠲᠠᠭᠢᠭᠠᠳ ᠶᠡᠭᠡ ᠦᠷᠳᠡᠭ ᠪᠦᠬᠦᠢ ᠡᠭᠦᠷᠭᠡ ᠥᠭᠴᠦ ᠭᠢᠯᠭᠡᠳᠡᠭ᠃ ᠡᠨᠡ ᠦᠶ᠎ᠡ ᠳᠤ᠂ ᠮᠡᠬᠡᠯᠡᠭᠴᠢ ᠨᠢ ᠬᠤᠭᠤᠰᠤᠨ ᠵᠠᠬᠢᠶᠠᠯᠠᠭ᠎ᠠ ᠨᠡᠮᠡᠭᠳᠡᠭᠦᠯᠬᠦ ᠬᠡᠳᠦᠨ ᠡᠭᠦᠷᠭᠡ ᠶᠢ ᠨᠡᠶᠢᠯᠡᠭᠦᠯᠦᠨ ᠬᠢᠬᠦ ᠪᠤᠶᠤ ᠪᠠᠩᠬᠢ ᠶᠢᠨ ᠺᠠᠷᠲ ᠤᠨ ᠨᠣᠮᠧᠷ ᠨᠢ ᠪᠤᠷᠤᠭᠤ ᠵᠡᠷᠭᠡ ᠰᠢᠯᠲᠠᠭ ᠢᠶᠠᠷ ᠵᠣᠭᠤᠰ ᠪᠤᠴᠠᠭᠠᠬᠤ ᠪᠠᠨ ᠪᠣᠯᠢᠬᠤ ᠪᠥᠭᠡᠳ ᠦᠷᠭᠦᠯᠵᠢᠯᠡᠨ ᠡᠭᠦᠷᠭᠡ ᠬᠢᠬᠦ ᠶᠢ ᠱᠠᠭᠠᠷᠳᠠᠵᠤ᠂ ᠡᠴᠦᠰ ᠲᠡᠭᠡᠨ ᠬᠤᠬᠢᠷᠠᠯ ᠠᠮᠰᠠᠭᠴᠢ ᠠᠴᠠ ᠥᠪᠡᠷ ᠢ ᠪᠠᠨ ᠮᠡᠬᠡᠯᠡᠭᠳᠡᠭᠰᠡᠨ ᠢᠶᠠᠨ ᠰᠡᠷᠡᠵᠦ ᠮᠡᠳᠡᠬᠦ ᠪᠤᠯᠳᠠᠯ᠎ᠠ ᠮᠡᠬᠡᠯᠡᠳᠡᠭ᠃   ★ ᠵᠣᠭᠤᠰ ᠪᠤᠴᠠᠭᠠᠬᠤ ᠮᠡᠬᠡᠯᠡᠯ᠃ ᠮᠡᠬᠡᠯᠡᠭᠴᠢ ᠡᠯᠧᠺᠳ᠋ᠷᠣᠨ ᠬᠤᠳᠠᠯᠳᠤᠭᠠᠨ ᠤ ᠲᠠᠪᠴᠠᠩ ᠤᠨ ᠦᠢᠯᠡᠴᠢᠯᠡᠭᠴᠢ ᠪᠤᠶᠤ ᠲᠦᠷᠭᠡᠨ ᠬᠦᠷᠭᠡᠯᠲᠡ ᠶᠢᠨ ᠦᠢᠯᠡᠴᠢᠯᠡᠭᠴᠢ ᠪᠠᠷ ᠣᠪᠯᠠᠵᠤ᠂ ᠬᠥᠮᠥᠰ ᠤᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠲᠠᠸᠠᠷ ᠲᠤ ᠠᠰᠠᠭᠤᠳᠠᠯ ᠭᠠᠷᠤᠭᠰᠠᠨ ᠭᠡᠵᠦ ᠬᠤᠳᠠᠯ ᠬᠡᠯᠡᠵᠦ᠂ ᠵᠣᠭᠤᠰ ᠪᠤᠴᠠᠭᠠᠬᠤ᠂ ᠲᠥᠯᠥᠪᠦᠷᠢ ᠥᠭᠬᠦ᠂ ᠭᠠᠶᠢᠯᠢ ᠪᠤᠴᠠᠭᠠᠬᠤ ᠵᠡᠷᠭᠡ ᠰᠢᠯᠲᠠᠭᠠᠨ ᠢᠶᠠᠷ ᠬᠥᠮᠥᠰ ᠢ ᠵᠣᠭᠤᠰ ᠪᠤᠴᠠᠭᠠᠬᠤ ᠬᠠᠭᠤᠷᠮᠠᠭ ᠰᠦᠯᠵᠢᠶ᠎ᠡ ᠳᠤ ᠪᠠᠩᠬᠢ ᠶᠢᠨ ᠺᠠᠷᠲ ᠤᠨ ᠨᠣᠮᠧᠷ ᠪᠤᠶᠤ ᠭᠠᠷ ᠤᠲᠠᠰᠤᠨ ᠤ ᠰᠢᠯᠭᠠᠨ ᠪᠠᠲᠤᠯᠠᠬᠤ ᠺᠣᠳ᠋ ᠵᠡᠷᠭᠡ ᠶᠢ ᠲᠠᠭᠯᠠᠭᠤᠯᠵᠤ᠂ ᠳᠠᠭᠢᠨ ᠬᠤᠬᠢᠷᠠᠯ ᠠᠮᠰᠠᠭᠴᠢ ᠶᠢᠨ ᠪᠠᠩᠬᠢ ᠶᠢᠨ ᠺᠠᠷᠲ ᠤᠨ ᠵᠣᠭᠤᠰ ᠢ ᠰᠢᠯᠵᠢᠭᠦᠯᠳᠡᠭ᠃   ★ ᠳᠠᠩᠰᠠᠨ ᠨᠣᠮᠧᠷ ᠢᠶᠠᠨ ᠬᠤᠳᠠᠯᠳᠤᠬᠤ ᠲᠥᠷᠥᠯ ᠤᠨ ᠮᠡᠬᠡᠯᠡᠯ᠃ ᠮᠡᠬᠡᠯᠡᠭᠴᠢᠳ ᠲᠣᠭᠯᠠᠭᠠᠮ ᠤᠨ ᠲᠠᠩᠰᠠᠨ ᠨᠣᠮᠧᠷ ᠢᠶᠠᠨ ᠬᠤᠳᠠᠯᠳᠤᠬᠤ ᠭᠡᠵᠦ ᠪᠠᠶᠢᠭ᠎ᠠ ᠬᠤᠬᠢᠷᠠᠯ ᠠᠮᠰᠠᠭᠴᠢ ᠶᠢᠨ ᠵᠢᠷᠭᠢᠶ᠎ᠡ ᠵᠡᠷᠭᠡ ᠶᠢ ᠨᠡᠮᠡᠭᠰᠡᠨ ᠤ ᠲᠠᠷᠠᠭ᠎ᠠ ᠬᠠᠭᠤᠷᠮᠠᠭ ᠲᠠᠩᠰᠠ ᠰᠢᠯᠵᠢᠭᠦᠯᠦᠭᠰᠡᠨ ᠵᠢᠷᠤᠭ ᠰᠡᠭᠦᠳᠡᠷ ᠢᠶᠠᠷ ᠬᠤᠬᠢᠷᠠᠯ ᠠᠮᠰᠠᠭᠴᠢ ᠶᠢ ᠠᠷᠠᠯᠵᠢᠶ᠎ᠠ ᠪᠦᠲᠦᠭᠰᠡᠨ ᠢᠶᠠᠷ ᠠᠳᠡᠭᠦᠷᠡᠭᠦᠯᠵᠦ᠂ ᠳᠠᠭᠢᠨ ᠡᠯ᠎ᠡ ᠵᠦᠢᠯ ᠤᠨ ᠰᠢᠯᠲᠠᠭ ᠢᠶᠠᠷ ᠬᠤᠬᠢᠷᠠᠯ ᠠᠮᠰᠠᠭᠴᠢ ᠶᠢ ᠬᠤᠳᠠᠯ ᠬᠠᠭᠤᠷᠮᠠᠭ ᠠᠷᠠᠯᠵᠢᠶᠠᠨ ᠤ ᠲᠠᠪᠴᠠᠩ ᠳᠤ ᠣᠷᠣᠭᠤᠯᠤᠨ᠎ᠠ᠃ ᠮᠡᠬᠡᠯᠡᠭᠴᠢ ᠪᠠᠲᠤᠯᠠᠭ᠎ᠠ ᠶᠢᠨ ᠮᠥᠩᠭᠦ ᠲᠤᠰᠢᠶᠠᠬᠤ᠂ ᠵᠣᠭᠤᠰ ᠰᠢᠯᠵᠢᠭᠦᠯᠵᠦ ᠲᠡᠶᠢᠯᠭᠦ ᠦᠭᠡᠢ ᠵᠡᠷᠭᠡ ᠰᠢᠯᠲᠠᠭᠠᠨ ᠢᠶᠠᠷ ᠬᠤᠬᠢᠷᠠᠯ ᠠᠮᠰᠠᠭᠴᠢ ᠶᠢ ᠮᠡᠬᠡᠯᠡᠨ ᠳᠠᠭᠢᠨ ᠳᠠᠪᠲᠠᠨ ᠲᠠᠩᠰᠠ ᠰᠢᠯᠵᠢᠭᠦᠯᠦᠨ᠎ᠡ᠃   ★ ᠪᠠᠭᠰᠢ ᠪᠠᠷ ᠣᠪᠯᠠᠬᠤ ᠮᠡᠬᠡᠯᠡᠯ᠃ ᠪᠠᠭᠰᠢ ᠪᠠᠷ ᠣᠪᠯᠠᠨ ᠬᠤᠬᠢᠷᠠᠯ ᠠᠮᠰᠠᠭᠴᠢ ᠶᠢᠨ ᠵᠢᠷᠭᠢᠶ᠎ᠡ ᠶᠢ ᠨᠡᠮᠡᠬᠦ ᠪᠤᠶᠤ ᠠᠩᠭᠢ ᠶᠢᠨ ᠬᠤᠯᠪᠤᠭ᠎ᠠ ᠳᠤ ᠣᠷᠣᠵᠤ᠂ ᠠᠩᠭᠢ ᠶᠢᠨ ᠰᠦᠢᠳᠬᠡᠯ᠂ ᠰᠤᠷᠤᠯᠭ᠎ᠠ ᠶᠢᠨ ᠰᠤᠯᠠ ᠰᠦᠢᠳᠬᠡᠯ ᠲᠤᠰᠢᠶᠠᠬᠤ ᠵᠡᠷᠭᠡ ᠰᠢᠯᠲᠠᠭᠠᠨ ᠢᠶᠠᠷ ᠬᠤᠬᠢᠷᠠᠯ ᠠᠮᠰᠠᠭᠴᠢ ᠪᠠᠷ ᠵᠣᠭᠤᠰ ᠭᠤᠪᠢᠭᠤᠯᠤᠨ᠎ᠠ᠃ ᠴᠠᠭᠳᠠᠭᠠᠨ ᠤ ᠲᠠᠯ᠎ᠠ ᠠᠴᠠ᠂ ᠰᠤᠷᠤᠬᠴᠢᠳ ᠰᠡᠵᠢᠭᠯᠡᠯᠲᠡᠢ ᠪᠠᠶᠢᠳᠠᠯ ᠲᠣᠬᠢᠶᠠᠯᠳᠤᠪᠠᠯ ᠴᠠᠭ ᠲᠤᠬᠠᠢ ᠳᠤᠨᠢ 96110 ᠳᠤ ᠤᠲᠠᠰᠤᠳᠠᠵᠤ ᠠᠰᠠᠭᠤᠨ ᠯᠠᠪᠯᠠᠬᠤ ᠬᠡᠷᠡᠭᠲᠡᠢ ᠭᠡᠵᠦ ᠰᠠᠨᠠᠭᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号