ᠪᠤᠰᠢᠭᠤᠬᠠᠨ ᠦᠵᠡ︕ ᠲᠤᠤ ᠪᠤᠤ ᠰᠦᠯᠵᠢᠶ᠎ᠡ ᠸᠢᠴᠠᠲ ᠢᠶᠠᠷ ᠲᠣᠭᠠᠴᠠᠭ᠎ᠠ ᠬᠢᠵᠦ ᠪᠤᠯᠬᠤ ᠴᠠᠭ ᠢ ᠲᠣᠭᠲᠠᠭᠠᠵᠠᠢ
ᠨᠡᠶᠢᠲᠡᠯᠡᠭᠰᠡᠨ ᠴᠠᠭ᠄
2024/9/13
     9 ᠰᠠᠷ᠎ᠠ ᠶᠢᠨ 5 ᠤ ᠡᠳᠦᠷ᠂ ᠲᠤᠤ ᠪᠦᠦ ᠰᠦᠯᠵᠢᠶ᠎ᠡ ᠨᠢ ᠸᠢᠴᠠᠲ ᠢᠶᠠᠷ ᠲᠣᠭᠠᠴᠠᠭ᠎ᠠ ᠬᠢᠬᠦ ᠴᠢᠳᠠᠪᠤᠷᠢ ᠶᠢ ᠰᠢᠨ᠎ᠡ ᠪᠠᠷ ᠨᠡᠮᠡᠭᠰᠡᠨ ᠲᠤᠬᠠᠶ ᠠᠯᠪᠠᠨ ᠵᠠᠷ ᠨᠡᠶᠢᠲᠡᠯᠡᠵᠦ ᠬᠡᠯᠡᠬᠦ ᠳᠡᠭᠡᠨ᠄ ᠬᠡᠷᠡᠭᠯᠡᠭᠴᠢᠳ ᠤᠨ ᠪᠠᠷᠠᠭ᠎ᠠ ᠬᠤᠳᠠᠯᠳᠤᠨ ᠠᠪᠬᠤ ᠣᠶᠢᠯᠠᠭᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠲᠤᠤ ᠪᠦᠦ ᠰᠦᠯᠵᠢᠶ᠎ᠡ ᠨᠢ ᠸᠢᠴᠠᠲ ᠢᠶᠠᠷ ᠲᠣᠭᠠᠴᠠᠭ᠎ᠠ ᠬᠢᠬᠦ ᠴᠢᠳᠠᠪᠤᠷᠢ ᠶᠢ ᠰᠢᠨ᠎ᠡ ᠪᠠᠷ ᠨᠡᠮᠡᠬᠦ ᠶᠢᠨ ᠬᠠᠮᠲᠤ ᠲᠣᠰ ᠠᠯᠪᠠᠨ ᠵᠠᠷ ᠢ ᠨᠡᠶᠢᠳᠡᠯᠡᠭᠰᠡᠨ ᠤ ᠲᠤᠯᠤᠭᠠᠨ ᠡᠳᠦᠷ ᠤᠨ ᠳᠠᠷᠠᠭ᠎ᠠ ᠪᠣᠶ ᠪᠥᠬᠦᠶ ᠲᠤᠤ ᠪᠦᠦ ᠰᠦᠯᠵᠢᠶᠡᠨ ᠤ ᠬᠤᠳᠠᠯᠳᠤᠭᠠᠴᠢᠨ ᠳᠤ ᠠᠯᠬᠤᠮ ᠠᠯᠬᠤᠮ ᠢᠶᠠᠷ ᠭᠡᠷᠡᠭᠯᠡᠬᠦ ᠪᠤᠯᠭᠠᠨ᠎ᠠ ᠃ ᠲᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠨᠡᠮᠡᠬᠦ ᠳᠤ ᠰᠠᠭᠤᠷᠢᠯᠠᠨ᠂ ᠲᠤᠤ ᠪᠦᠦ ᠰᠦᠯᠵᠢᠶ᠎ᠡ ᠨᠢ ᠲᠠᠪᠴᠠᠩ ᠤᠨ ᠲᠦᠷᠢᠮ ᠢᠶᠠᠨ ᠵᠣᠬᠢᠴᠠᠩᠭᠤᠶ ᠪᠠᠷ ᠲᠠᠰ ᠳᠡᠪᠰᠢᠭᠦᠯᠦᠨ᠎ᠡ᠂ ᠭᠤᠤᠯ ᠬᠤᠪᠢᠷᠠᠯᠲᠠ ᠬᠡᠪᠡᠯ᠄ ᠲᠣᠭᠠᠴᠠᠭ᠎ᠠ ᠬᠢᠬᠦ ᠦᠢᠯᠡᠴᠢᠯᠡᠭᠡᠨ ᠤ ᠬᠤᠳᠠᠯᠳᠤᠭᠠᠴᠢᠨ ᠤ ᠬᠠᠮᠢᠶ᠎ᠠ ᠪᠥᠬᠦᠶ ᠨᠡᠷᠡᠶᠢᠳᠦᠯ᠂ ᠲᠠᠩᠰᠠᠨ ᠡᠷᠦᠬᠡ᠂ ᠦᠯᠡᠳᠡᠪᠦᠷᠢ ᠲᠤᠭ᠎ᠠ᠂ ᠠᠷᠠᠯᠵᠢᠶᠠᠨ ᠤ ᠲᠤᠭ᠎ᠠ ᠬᠡᠮᠵᠢᠶ᠎ᠡ ᠵᠡᠷᠭᠡ ᠶᠢ ︽ᠲᠣᠭᠠᠴᠠᠭ᠎ᠠ ᠬᠢᠬᠦ ᠪᠠᠶᠢᠭᠤᠯᠤᠮᠵᠢ︾᠂ ︽ᠲᠣᠭᠠᠴᠠᠭ᠎ᠠ ᠬᠢᠬᠦ ᠲᠠᠩᠰᠠᠨ ᠡᠷᠦᠬᠡ︾᠂ ︽ᠲᠣᠭᠠᠴᠠᠭ᠎ᠠ ᠬᠢᠬᠦ ᠲᠠᠩᠰᠠᠨ ᠡᠷᠦᠬᠡ ᠶᠢᠨ ᠦᠯᠡᠳᠡᠪᠦᠷᠢ ᠲᠤᠭ᠎ᠠ︾᠂ ︽ᠵᠠᠬᠢᠶᠠᠯᠠᠭ᠎ᠠ ᠶᠢᠨ ᠠᠷᠠᠯᠵᠢᠶᠠᠨ ᠤ ᠲᠤᠭ᠎ᠠ︾ ᠭᠡᠵᠦ ᠲᠦᠷᠢᠮᠵᠢᠬᠦᠯᠦᠨ ᠨᠢᠬᠡᠳᠭᠡᠵᠦ ᠨᠡᠷᠡᠯᠡᠨ᠎ᠡ᠃ ᠲᠣᠰ ᠤᠳᠠᠭᠠᠨ ᠤ ᠲᠣᠬᠢᠷᠠᠭᠤᠯᠤᠯᠲᠠ ᠶᠢ 2024 ᠣᠨ ᠤ 9 ᠰᠠᠷ᠎ᠠ ᠶᠢᠨ 5 ᠤ ᠡᠳᠦᠷ ᠵᠠᠷᠯᠠᠨ ᠨᠡᠶᠢᠲᠡᠯᠡᠵᠦ᠂ 2024 ᠣᠨ ᠤ 9 ᠰᠠᠷ᠎ᠠ ᠶᠢᠨ 12 ᠤᠨ ᠡᠳᠦᠷ ᠬᠦᠴᠦᠨ ᠲᠠᠢ ᠪᠣᠯᠤᠨ᠎ᠠ ᠬᠡᠪᠡ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号