ᠵᠤᠵᠢᠭ ᠬᠡᠮ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢᠨ ᠲᠥᠰᠥᠯ ᠢ ᠨᠡᠶᠢᠲᠡᠯᠡᠪᠠ
ᠨᠡᠶᠢᠲᠡᠯᠡᠭᠰᠡᠨ ᠴᠠᠭ᠄
2024/9/13
    ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠲᠤᠯᠤᠭᠠᠨ ᠰᠠᠯᠠᠭ᠎ᠠ ᠮᠥᠴᠢᠷ ᠬᠠᠮᠲᠤᠷᠠᠨ ︽ᠵᠤᠵᠢᠭ ᠬᠡᠮ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2024 — 2028 ᠣᠨ︶︾ ᠢ ᠨᠡᠶᠢᠲᠡᠯᠡᠪᠡ᠃ 29 ᠵᠦᠢᠯ ᠤᠨ ᠡᠮᠴᠢᠯᠡᠭᠡ ᠡᠷᠡᠭᠦᠯᠵᠢᠯ ᠤᠨ ᠵᠦᠢᠯᠡᠰ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠤᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ ᠭᠡᠵᠦ ᠳᠤᠷᠠᠳᠴᠠᠢ᠃     ᠲᠤᠰ ᠲᠥᠰᠥᠯ ᠳᠤ ᠮᠠᠨ ᠤ ᠤᠯᠤᠰ 5 ᠵᠢᠯ ᠣᠷᠴᠢᠮ ᠤᠨ ᠴᠠᠭ ᠢ ᠬᠡᠷᠡᠭᠰᠡᠵᠦ ᠪᠠᠶᠢᠭᠠᠳ ᠵᠤᠵᠢᠭ ᠬᠡᠮ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯ ᠤᠨ ᠲᠣᠭᠲᠠᠴᠠ᠂ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠵᠤᠵᠢᠭ ᠬᠡᠮ ᠲᠠᠢ ᠬᠡᠦᠬᠡᠳ ᠲᠤ ᠦᠢᠯᠡᠴᠢᠯᠡᠬᠦ ᠴᠢᠳᠠᠪᠤᠷᠢ ᠪᠠ ᠪᠠᠲᠤᠯᠠᠭ᠎ᠠ ᠶᠢᠨ ᠨᠥᠬᠦᠴᠡᠯ ᠢ ᠳᠡᠭᠡᠭᠰᠢᠯᠡᠭᠦᠯᠵᠦ᠂ ᠵᠤᠵᠢᠭ ᠬᠡᠮ ᠲᠠᠢ ᠬᠡᠦᠬᠡᠳ ᠤᠨ ᠦᠰᠦᠨ ᠪᠤᠶᠢᠵᠢᠬᠤ᠂ ᠬᠥᠭᠵᠢᠬᠦ ᠣᠷᠴᠢᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠤᠨ᠎ᠠ᠃ 2024 ᠣᠨ ᠠᠴᠠ 2025 ᠣᠨ ᠪᠣᠯᠲᠠᠯ᠎ᠠ ᠡᠯ᠎ᠡ ᠮᠤᠵᠢ ᠣᠷᠣᠨ ᠨᠥᠬᠦᠴᠡᠯ ᠲᠠᠢ ᠬᠤᠲᠠ᠂ ᠰᠢᠶᠠᠨ ᠢ ᠰᠣᠩᠭᠤᠵᠤ᠂ ᠵᠤᠵᠢᠭ ᠬᠡᠮ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠤᠨ ᠲᠣᠭᠲᠠᠴᠠ ᠶᠢ ᠤᠷᠢᠳ ᠢᠶᠠᠷ ᠪᠦᠷᠢᠨᠰᠢᠭᠦᠯᠦᠨ᠎ᠡ᠃ 2025 ᠣᠨ ᠠᠴᠠ 2028 ᠣᠨ ᠪᠣᠯᠲᠠᠯ᠎ᠠ ᠪᠣᠶ ᠪᠦᠬᠦᠢ ᠬᠤᠲᠠ᠂ ᠰᠢᠶᠠᠨ ᠳᠤ ᠵᠤᠵᠢᠭ ᠬᠡᠮ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠤᠨ ᠲᠣᠭᠲᠠᠴᠠ ᠶᠢ ᠨᠡᠶᠢᠳᠡᠮ ᠲᠡᠭᠦᠯᠳᠡᠷᠵᠢᠭᠦᠯᠬᠦ ᠶᠢ ᠠᠬᠢᠭᠤᠯᠵᠤ᠂ ᠵᠤᠵᠢᠭ ᠬᠡᠮ ᠲᠠᠢ ᠬᠡᠦᠬᠡᠳ ᠤᠨ ᠬᠥᠭᠵᠢᠯᠲᠡ ᠶᠢᠨ ᠪᠥᠬᠦ ᠶᠠᠪᠤᠴᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠡᠭᠦᠷᠭᠡ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠭᠡᠵᠦ ᠳᠤᠷᠠᠳᠴᠠᠢ᠃    ᠠᠵᠢᠯᠯᠠᠭ᠎ᠠ ᠶᠢᠨ ᠬᠤᠭᠤᠴᠠᠭᠠᠨ ᠳᠤ ᠡᠯ᠎ᠡ ᠭᠠᠵᠠᠷ ᠤᠨ ᠬᠢᠨ ᠵᠤᠵᠢᠭ ᠬᠡᠮ ᠲᠠᠢ ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠪᠠ ᠡᠷᠡᠭᠦᠯᠵᠢᠯ ᠤᠨ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠵᠤᠵᠢᠭ ᠬᠡᠮ ᠲᠠᠢ ᠬᠡᠦᠬᠡᠳ ᠤᠨ ᠭᠡᠷ ᠪᠦᠯᠢ ᠶᠢᠨ ᠡᠮᠴᠢᠯᠡᠭᠡ ᠬᠢᠭᠡᠳ ᠡᠷᠡᠭᠦᠯᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠣᠲᠣ ᠦᠶ᠎ᠡ ᠶᠢᠨ ᠡᠷᠡᠭᠦᠯᠵᠢᠯ᠂ ᠬᠢᠲᠠᠳ ᠡᠮᠨᠡᠯᠭᠡ ᠶᠢᠨ ᠡᠷᠡᠭᠦᠯᠵᠢᠯ ᠵᠡᠷᠭᠡ 29 ᠵᠦᠢᠯ ᠤᠨ ᠡᠮᠴᠢᠯᠡᠭᠡᠨ ᠤ ᠡᠷᠡᠭᠦᠯᠵᠢᠯ ᠤᠨ ᠲᠥᠷᠥᠯ ᠵᠦᠢᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠨᠢ ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠲᠠᠢ ᠤᠶᠠᠯᠳᠤᠭᠤᠯᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠶᠢᠨ ᠬᠠᠮᠲᠤ ᠡᠷᠡᠭᠦᠯᠵᠢᠯ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠢᠳᠡᠪᠬᠢᠲᠡᠢ ᠳᠡᠭᠡᠭᠰᠢᠯᠡᠭᠦᠯᠵᠦ᠂ ᠠᠪᠤᠷᠠᠨ ᠲᠤᠰᠠᠯᠠᠬᠤ ᠨᠠᠰᠤᠨ ᠤ ᠬᠡᠪᠴᠢᠶ᠎ᠡ ᠶᠢ ᠥᠷᠭᠡᠳᠬᠡᠨ᠂ ᠨᠥᠬᠦᠴᠡᠯ ᠳᠤ ᠨᠡᠶᠢᠴᠡᠬᠦ ᠵᠤᠵᠢᠭ ᠬᠡᠮ ᠲᠠᠢ ᠬᠡᠦᠬᠡᠳ ᠢ ︽ᠠᠪᠤᠷᠠᠪᠠᠯ ᠵᠣᠬᠢᠬᠤ ᠶᠢ ᠨᠢ ᠪᠦᠬᠦᠨ ᠢ ᠠᠪᠤᠷᠠᠬᠤ︾ ᠶᠢ ᠦᠨᠡᠨᠬᠦ ᠪᠠᠲᠤᠯᠠᠬᠤ ᠬᠡᠷᠡᠭᠲᠡᠢ᠃    ᠡᠯ᠎ᠡ ᠭᠠᠵᠠᠷ ᠤᠨ ᠬᠢᠨ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠨᠥᠬᠦᠴᠡᠯ ᠳᠤ ᠨᠡᠶᠢᠴᠡᠬᠦ ᠵᠤᠵᠢᠭ ᠬᠡᠮ ᠲᠠᠢ ᠬᠡᠦᠬᠡᠳ ᠤᠨ ᠭᠡᠷ ᠪᠦᠯᠢ ᠶᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠢ᠃ ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠢ ᠭᠡᠮᠲᠦᠯ ᠳᠤ ᠤᠴᠠᠷᠠᠭᠰᠠᠨ ᠵᠡᠷᠭᠡ ᠪᠠᠶᠢᠳᠠᠯ᠂ ᠦᠨᠳᠦᠰᠦᠨ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠵᠤᠵᠢᠭ ᠬᠡᠮ ᠲᠠᠢ ᠬᠡᠦᠬᠡᠳ ᠤᠨ ᠭᠡᠷ ᠪᠦᠯᠢ ᠳᠤ ᠡᠯ᠎ᠡ ᠭᠠᠵᠠᠷ ᠤᠨ ᠬᠢᠨ ᠲᠦᠷ ᠴᠠᠭ ᠤᠨ ᠲᠤᠰᠠᠯᠠᠮᠵᠢ ᠦᠵᠡᠭᠦᠯᠬᠦ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠨᠢ ᠬᠦᠨᠳᠦ ᠵᠡᠮᠳᠡᠭᠴᠦᠳ ᠢ ᠰᠤᠪᠢᠯᠠᠬᠤ ᠨᠥᠬᠦᠪᠦᠷᠢ ᠶᠢᠨ ᠬᠦᠷᠢᠶ᠎ᠡ ᠬᠡᠪᠴᠢᠶ᠎ᠡ ᠪᠠᠨ ᠭᠤᠷᠪᠠ᠂ ᠳᠥᠷᠪᠡᠳᠦᠭᠡᠷ ᠳᠡᠰ ᠤᠨ ᠣᠶᠤᠨ ᠰᠠᠨᠠᠭᠠᠨ ᠤ ᠵᠡᠮᠳᠡᠭᠴᠦᠳ ᠬᠦᠷᠲᠡᠯ᠎ᠡ ᠥᠷᠭᠡᠳᠬᠡᠵᠦ ᠪᠣᠯᠣᠨ᠎ᠠ᠃   ᠡᠭᠦᠨ ᠠᠴᠠ ᠭᠠᠳᠠᠨ᠎ᠠ ᠮᠠᠨ ᠤ ᠤᠯᠤᠰ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠤᠵᠢᠭ ᠬᠡᠮ ᠲᠠᠢ ᠰᠤᠷᠤᠭᠴᠢ ᠶᠢᠨ ᠤᠨᠴᠠᠭᠠᠢ ᠰᠤᠷᠭᠠᠨ ᠬᠦᠮᠦᠵᠢᠯ ᠬᠦᠷᠳᠡᠬᠦ ᠬᠥᠮᠥᠨ ᠳᠤᠮᠳᠠᠴᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠣᠷᠣᠭᠴᠢ ᠨᠢᠭᠡᠪᠦᠷᠢ ᠵᠢᠯ ᠳᠤ 6000 ᠲᠥᠭᠦᠷᠢᠭ ᠪᠠᠶᠢᠭᠰᠠᠨ ᠠᠴᠠ 7000 ᠲᠥᠭᠦᠷᠢᠭ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ︔ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠵᠤᠵᠢᠭ ᠬᠡᠮ ᠲᠠᠢ ᠰᠤᠷᠤᠭᠴᠢᠳ ᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠳᠤ ᠰᠦᠢᠳᠬᠡᠯ ᠬᠤᠷᠢᠶᠠᠬᠤ ᠦᠭᠡᠢ ᠰᠤᠷᠭᠠᠨ ᠬᠥᠮᠦᠵᠢᠯ ᠬᠦᠷᠲᠡᠭᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠵᠤᠵᠢᠭ ᠬᠡᠮ ᠲᠠᠢ ᠰᠤᠷᠤᠭᠴᠢ ᠶᠢ ᠬᠦᠮᠦᠵᠢᠭᠦᠯᠬᠦ ᠰᠤᠷᠭᠠᠭᠤᠯᠢ᠂ ᠨᠥᠬᠦᠴᠡᠯ ᠲᠠᠢ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠶᠡᠭᠡ ᠳᠡᠭᠡᠳᠦ ᠰᠤᠷᠭᠠᠭᠤᠯᠢ ᠵᠡᠷᠭᠡ ᠳᠤ ᠲᠦᠰᠢᠭᠯᠡᠨ ᠣᠷᠣᠨ ᠪᠦᠰᠡ ᠶᠢᠨ ᠵᠤᠵᠢᠭ ᠬᠡᠮ ᠲᠠᠢ ᠬᠡᠦᠬᠡᠳ ᠤᠨ ᠰᠤᠷᠭᠠᠨ ᠬᠥᠮᠦᠵᠢᠯ ᠤᠨ ᠵᠢᠯᠤᠭᠤᠳᠬᠤ ᠲᠥᠪ ᠪᠠᠶᠢᠭᠤᠯᠬᠤ ᠶᠢ ᠳᠡᠮᠵᠢᠵᠦ᠂ ᠰᠤᠷᠭᠠᠭᠤᠯᠢ᠂ ᠭᠡᠷ ᠪᠦᠯᠢ ᠪᠠ ᠨᠡᠶᠢᠭᠡᠮ ᠲᠣᠭᠤᠷᠢᠭ ᠲᠠᠬᠢ ᠵᠢᠯᠣᠭᠤᠳᠤᠯᠭ᠎ᠠ ᠶᠢ ᠴᠢᠩᠭᠠᠳᠬᠠᠨ᠂ ᠵᠤᠵᠢᠭ ᠬᠡᠮ ᠲᠠᠢ ᠬᠡᠦᠬᠡᠳ ᠲᠤ ᠬᠠᠨᠳᠤᠭᠤᠯᠤᠭᠰᠠᠨ ᠣᠨᠴᠠᠭᠠᠢ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号