ᠲᠤᠯᠠᠢ ᠡᠪᠡᠳᠴᠢᠨ ᠠᠴᠠ ᠴᠠᠭ ᠢᠮᠠᠭᠲᠠ ᠰᠡᠷᠭᠡᠶᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/9/13
   ᠲᠤᠯᠠᠢ ᠡᠪᠡᠳᠴᠢᠨ ᠪᠣᠯ ᠦᠷᠭᠦᠯᠵᠢ ᠲᠣᠬᠢᠶᠠᠯᠳᠤᠳᠠᠭ ᠡᠪᠡᠳᠴᠢᠨ ᠤ ᠨᠢᠭᠡ ᠵᠦᠢᠯ ᠪᠠᠶᠢᠵᠤ᠂ ᠴᠠᠭ ᠢᠮᠠᠭᠲᠠ ᠬᠥᠮᠥᠰ ᠤᠨ ᠪᠡᠶ᠎ᠡ ᠶᠢᠨ ᠡᠷᠡᠭᠦᠯ ᠮᠡᠨᠳᠦ ᠶᠢ ᠰᠦᠷᠳᠡᠭᠦᠯᠵᠦ ᠪᠠᠶᠢᠳᠠᠭ᠃ ᠵᠢᠯ ᠪᠦᠷᠢ ᠶᠢᠨ 4 ᠰᠠᠷ᠎ᠠ ᠶᠢᠨ 20 ᠤ ᠡᠳᠦᠷ ᠢ ︽ᠪᠦᠭᠦ ᠠᠷᠠᠳ ᠢᠶᠠᠷ ᠢᠶᠠᠨ ᠲᠤᠯᠠᠢ ᠡᠪᠡᠳᠴᠢᠨ ᠢ ᠠᠩᠬᠠᠷᠬᠤ ᠡᠳᠦᠷ︾ ᠢᠶᠠᠷ ᠲᠣᠭᠲᠠᠭᠠᠭᠰᠠᠨ ᠪᠠᠶᠢᠨ᠎ᠠ᠃ ᠦᠨᠡᠨ ᠳᠡᠭᠡᠨ ᠡᠨᠡ ᠡᠳᠦᠷ ᠢᠶᠠᠷ ᠲᠣᠭᠲᠠᠭᠠᠭᠰᠠᠨ ᠨᠢ ᠪᠠᠰᠠ ᠨᠢᠭᠡ ᠵᠦᠢᠯ ᠤᠨ ᠤᠨᠴᠠᠭᠠᠢ ᠠᠭᠤᠯᠭ᠎ᠠ ᠲᠠᠢ᠂ ᠳᠠᠷᠤᠢ ᠥᠨᠳᠥᠷ ᠰᠢᠭᠡᠰᠦᠨ ᠬᠦᠴᠢᠯᠳᠦ ᠴᠢᠰᠤᠨ ᠭᠡᠮ ᠤᠨ ᠣᠨᠣᠰᠢᠯᠠᠯᠲᠠ ᠶᠢᠨ ᠬᠢᠵᠠᠭᠠᠷ ᠬᠡᠮᠵᠢᠭᠳᠡᠯ ᠨᠢ 420umol/L ᠪᠣᠯᠣᠨ᠎ᠠ᠃ ᠮᠠᠨ ᠤ ᠤᠯᠤᠰ ᠤᠨ ᠡᠪᠡᠳᠴᠢᠨ ᠡᠮᠭᠡᠭ ᠢ ᠬᠢᠵᠠᠭᠠᠷᠯᠠᠬᠤ ᠲᠥᠪ ᠤᠨ ᠮᠡᠳᠡᠭᠦᠯᠦᠯᠲᠡ ᠶᠢ ᠦᠨᠳᠦᠰᠦᠯᠡᠪᠡᠯ ᠂ ᠪᠦᠭᠦ ᠤᠯᠤᠰ ᠤᠨ ᠲᠤᠯᠠᠢ ᠡᠪᠡᠳᠴᠢᠨ ᠳᠤ ᠨᠡᠷᠪᠡᠭᠳᠡᠭᠰᠡᠳ ᠨᠡᠶᠢᠲᠡ 8000 ᠲᠦᠮᠡ ᠶᠢ ᠳᠠᠪᠠᠭᠰᠠᠨ ᠪᠥᠭᠡᠳ ᠵᠢᠯ ᠪᠦᠷᠢ 9.7% ᠶᠢᠨ ᠨᠣᠷᠮ᠎ᠠ ᠪᠠᠷ ᠮᠠᠰᠢ ᠲᠦᠷᠭᠡᠨ ᠨᠡᠮᠡᠭᠳᠡᠵᠦ ᠪᠠᠶᠢᠨ᠎ᠠ᠃ ᠵᠢᠱᠢᠯᠲᠡ ᠪᠠᠷ 2030 ᠣᠨ ᠪᠤᠯᠬᠤ ᠳᠤ ᠤᠯᠤᠰ ᠤᠨ ᠳᠣᠲᠣᠭᠠᠳᠤ ᠶᠢᠨ ᠴᠢᠰᠤᠨ ᠤ ᠰᠢᠭᠡᠰᠦᠨ ᠬᠦᠴᠢᠯ ᠥᠨᠳᠥᠷ ᠭᠡᠮ ᠪᠠ ᠲᠤᠯᠠᠢ ᠡᠪᠡᠳᠴᠢᠨ ᠳᠤ ᠨᠡᠷᠪᠡᠭᠳᠡᠭᠰᠡᠨ ᠬᠥᠮᠥᠨ ᠤ ᠲᠤᠭ᠎ᠠ 2.4 ᠳ᠋ᠦᠩᠰᠢᠭᠤᠷ ᠲᠤ ᠬᠦᠷᠬᠦ ᠪᠣᠯᠣᠨ᠎ᠠ᠃ ᠪᠢᠳᠡ ᠲᠤᠯᠠᠢ ᠡᠪᠡᠳᠴᠢᠨ ᠢ ᠬᠡᠷᠬᠢᠨ ᠰᠡᠷᠭᠡᠶᠢᠯᠡᠪᠡᠯ ᠵᠣᠬᠢᠬᠤ ᠪᠤᠢ︖    ᠡᠩ ᠲᠡᠷᠢᠭᠦᠨ ᠳᠤ᠂ ᠲᠣᠭᠲᠠᠭᠰᠠᠨ ᠬᠤᠭᠤᠴᠠᠭ᠎ᠠ ᠲᠠᠢ ᠪᠠᠷ ᠴᠢᠰᠤᠨ ᠰᠢᠭᠡᠰᠦᠨ ᠬᠦᠴᠢᠯ ᠤᠨ ᠥᠳᠬᠡᠴᠡ ᠶᠢ ᠪᠠᠶᠢᠴᠠᠭᠠᠨ᠎ᠠ᠃ ᠲᠤᠯᠠᠢ ᠡᠪᠡᠳᠴᠢᠨ ᠪᠣᠯ ᠬᠡᠷᠦᠬᠦ ᠡᠪᠡᠳᠴᠢᠨ ᠤ ᠡᠭᠡᠯᠢᠯᠡᠭᠡ ᠶᠢᠨ ᠴᠢᠨᠠᠷᠲᠠᠢ ᠡᠪᠡᠳᠴᠢᠨ᠂ ᠮᠥᠨ ᠴᠦ ᠤᠳᠠᠭᠠᠨ ᠴᠢᠨᠠᠷᠲᠠᠢ ᠰᠣᠯᠢᠯᠴᠠᠭ᠎ᠠ ᠶᠢᠨ ᠴᠢᠨᠠᠷᠲᠠᠢ ᠡᠪᠡᠳᠴᠢᠨ ᠮᠥᠨ᠃ 40 ᠨᠠᠰᠤᠨ ᠠᠴᠠ ᠳᠡᠭᠡᠭᠰᠢᠬᠢ ᠡᠷᠡᠭᠲᠡᠶᠢᠴᠦᠳ᠂ ᠢᠯᠠᠩᠭᠤᠶ᠎ᠠ ᠮᠠᠷᠢᠶ᠎ᠠ ᠲᠠᠢ ᠬᠥᠮᠥᠰ ᠬᠠᠭᠠᠰ ᠵᠢᠯ ᠠᠴᠠ ᠨᠢᠭᠡ ᠵᠢᠯ ᠠᠯᠤᠰᠯᠠᠬᠤ ᠪᠦᠷᠢ ᠨᠢᠭᠡ ᠤᠳᠠᠭ᠎ᠠ ᠴᠢᠰᠤᠨ ᠤ ᠰᠢᠭᠡᠰᠦᠨ ᠬᠦᠴᠢᠯ ᠤᠨ ᠪᠠᠶᠢᠴᠠᠭᠠᠯᠲᠠ ᠬᠢᠵᠦ᠂ ᠴᠢᠰᠤᠨ ᠤ ᠰᠢᠭᠡᠰᠦᠨ ᠬᠦᠴᠢᠯ ᠨᠢ ᠬᠡᠪ ᠤᠨ ᠬᠡᠮᠵᠢᠶ᠎ᠡ ᠠᠴᠠ ᠥᠨᠳᠥᠷ ᠪᠤᠶᠤ ᠬᠡᠪ ᠤᠨ ᠳᠡᠭᠡᠳᠦ ᠬᠢᠵᠠᠭᠠᠷ ᠲᠤ ᠪᠠᠶᠢᠬᠤ ᠶᠢ ᠣᠯᠵᠤ ᠮᠡᠳᠡᠪᠡᠯ᠂ ᠳᠠᠷᠦ᠋ᠢᠬᠠᠨ ᠲᠤᠰᠬᠠᠢ ᠰᠠᠯᠠᠭ᠎ᠠ ᠳᠤ ᠬᠦᠷᠴᠦ ᠡᠮᠨᠡᠭᠦᠯᠭᠦ ᠬᠡᠷᠡᠭᠲᠡᠢ᠃ ᠤᠷᠲᠤ ᠬᠤᠭᠤᠴᠠᠭᠠᠨ ᠤ ᠰᠢᠭᠡᠰᠦᠨ ᠬᠦᠴᠢᠯ ᠥᠨᠳᠥᠷ ᠴᠢᠰᠤᠨ ᠭᠡᠮ ᠨᠢ ᠲᠤᠯᠠᠢ ᠶᠢᠨ ᠴᠢᠨᠠᠷᠲᠠᠢ ᠦᠶ᠎ᠡ ᠭᠡᠰᠢᠭᠦᠨ ᠤ ᠦᠷᠪᠢᠰᠦᠯ ᠢ ᠡᠭᠦᠰᠬᠡᠬᠦ ᠪᠠᠷ ᠪᠠᠷᠠᠬᠤ ᠦᠭᠡᠢ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠨᠳᠦ ᠨᠣᠴᠢᠲᠠᠢ ᠨᠥᠯᠥᠭᠡᠯᠡᠨ᠎ᠡ᠃ ᠤᠷᠲᠤ ᠬᠤᠭᠤᠴᠠᠭ᠎ᠠ ᠪᠠᠷ ᠴᠢᠰᠤᠨ ᠤ ᠰᠢᠭᠡᠰᠦᠨ ᠬᠦᠴᠢᠯ ᠥᠨᠳᠥᠷᠵᠢᠬᠦ ᠭᠡᠮ ᠨᠢ ᠪᠠᠰᠠ ᠤᠳᠠᠭᠠᠨ ᠴᠢᠨᠠᠷᠲᠠᠢ ᠪᠥᠭᠡᠷᠡᠨ ᠤ ᠠᠵᠢᠯᠯᠠᠭ᠎ᠠ ᠶᠢᠨ ᠳᠣᠷᠦ᠋ᠢᠲᠠᠯ ᠢ ᠡᠭᠦᠰᠬᠡᠵᠦ᠂ ᠬᠡᠰᠡᠭ ᠨᠢ ᠰᠢᠭᠡᠰᠦᠨ ᠬᠤᠣᠷᠳᠠᠯᠭ᠎ᠠ ᠶᠢᠨ ᠭᠡᠮ ᠪᠣᠯᠵᠤ ᠬᠥᠭᠵᠢᠳᠡᠭ᠃ ᠬᠡᠰᠡᠭ ᠡᠪᠡᠳᠴᠢᠲᠡᠨ ᠳᠤ ᠰᠢᠭᠡᠰᠦᠨ ᠬᠦᠴᠢᠯ ᠤᠨ ᠴᠢᠨᠠᠷᠲᠠᠢ ᠪᠥᠭᠡᠷᠡᠨ ᠤ ᠴᠢᠯᠠᠭᠤᠵᠢᠯ ᠡᠭᠦᠰᠴᠦ᠂ ᠤᠯᠠᠮ ᠨᠢᠭᠡ ᠠᠯᠬᠤᠮ ᠪᠥᠭᠡᠷᠡᠨ ᠳᠤ ᠤᠰᠤ ᠬᠤᠷᠠᠬᠤ ᠪᠠ ᠪᠥᠭᠡᠷᠡᠨ ᠤ ᠠᠵᠢᠯᠯᠠᠭ᠎ᠠ ᠳᠣᠷᠦ᠋ᠢᠲᠠᠨ᠎ᠠ᠃ ᠰᠢᠭᠡᠰᠦᠨ ᠬᠦᠴᠢᠯ ᠥᠨᠳᠥᠷ ᠴᠢᠰᠤᠨ ᠭᠡᠮ ᠨᠢ ᠶᠡᠷᠦ ᠨᠢ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ ᠵᠡᠷᠭᠡ ᠰᠣᠯᠢᠯᠴᠠᠭ᠎ᠠ ᠶᠢᠨ ᠴᠢᠨᠠᠷᠲᠠᠢ ᠡᠪᠡᠳᠴᠢᠨ ᠲᠠᠢ ᠬᠠᠮᠲᠤ ᠪᠠᠰᠠ ᠲᠠᠷᠢᠬᠢᠨ ᠤ ᠰᠠ ᠳᠠᠭᠠᠷᠢᠬᠤ ᠠᠶᠤᠯ ᠢ ᠨᠡᠮᠡᠭᠳᠡᠭᠦᠯᠳᠡᠭ᠃ ᠣᠶᠢᠷ᠎ᠠ ᠶᠢᠨ ᠵᠢᠯ ᠠᠴᠠ ᠲᠤᠯᠠᠢ ᠡᠪᠡᠳᠴᠢᠲᠡᠨ ᠳᠤ ᠵᠠᠯᠠᠭᠤᠵᠢᠬᠤ ᠬᠠᠨᠳᠤᠰᠢ ᠢᠯᠡᠷᠡᠪᠡ᠃     ᠬᠤᠶᠠᠳᠤᠭᠠᠷ ᠲᠤ᠂ ᠡᠷᠡᠭᠦᠯ ᠢᠳᠡᠭᠡᠨ ᠤᠮᠳᠠᠭᠠᠨ ᠢ ᠠᠩᠬᠠᠷᠬᠤ ᠬᠡᠷᠡᠭᠲᠡᠢ᠃ ᠲᠤᠯᠠᠢ ᠡᠪᠡᠳᠴᠢᠨ ᠨᠢ ᠡᠳᠦᠷ ᠲᠤᠲᠤᠮ ᠤᠨ ᠢᠳᠡᠭᠡᠨ ᠤᠮᠳᠠᠭᠠᠨ ᠲᠠᠢ ᠮᠠᠰᠢ ᠨᠢᠭᠲᠠ ᠬᠠᠷᠢᠴᠠᠭ᠎ᠠ ᠲᠠᠢ᠂ ᠬᠡᠲᠦᠷᠡᠲᠡᠯ᠎ᠡ ᠢᠳᠡᠵᠦ ᠤᠤᠭᠤᠬᠤ ᠠᠴᠠ ᠵᠠᠶᠢᠯᠠᠰᠬᠢᠬᠦ᠂ ᠴᠢᠳᠠᠬᠤ ᠶᠢᠨ ᠳᠣᠲᠣᠷ᠎ᠠ ᠫᠦᠷᠢᠨ ᠤ ᠠᠭᠤᠯᠤᠭᠳᠠᠴᠠ ᠨᠡᠯᠢᠶᠡᠳ ᠥᠨᠳᠥᠷ ᠢᠳᠡᠭᠡᠨ ᠢᠳᠡᠬᠦ ᠠᠴᠠ ᠵᠠᠶᠢᠯᠠᠰᠬᠢᠬᠤ ᠬᠡᠷᠡᠭᠲᠡᠢ᠃ ᠡᠭᠦᠨ ᠤ ᠬᠠᠮᠲᠤ ᠢᠯᠡᠭᠦᠦ ᠤᠰᠤ ᠤᠤᠭᠤᠵᠤ ︵ᠡᠳᠦᠷ ᠪᠦᠷᠢ ᠨᠠᠭᠠᠲᠤ ᠵᠠᠬ᠎ᠠ ᠳᠠᠭᠠᠨ 2000ml︶᠂ ᠡᠳᠦᠷ ᠪᠦᠷᠢ ᠭᠦᠢᠴᠡᠳ ᠬᠡᠮᠵᠢᠶᠡᠨ ᠤ ᠰᠢᠭᠡᠰᠦ ᠭᠠᠳᠠᠭᠰᠢᠯᠠᠭᠤᠯᠬᠤ ᠶᠢ ᠪᠠᠲᠤᠯᠠᠵᠤ᠂ ᠰᠢᠭᠡᠰᠦᠨ ᠬᠦᠴᠢᠯ ᠬᠤᠷᠠᠬᠤ ᠠᠴᠠ ᠵᠠᠶᠢᠯᠠᠰᠬᠢᠨ᠎ᠡ᠃ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠷᠠᠯᠲᠠ ᠶᠢ ᠳᠠᠭᠠᠯᠳᠤᠨ᠂ ᠤᠯᠠᠮ ᠠᠷᠪᠢᠨ ᠵᠢᠮᠢᠰ ᠤᠨ ᠰᠢᠬᠢᠷ ᠢ ᠰᠢᠩᠭᠡᠬᠡᠨ ᠠᠪᠬᠤ ᠨᠢ ᠮᠥᠨ ᠴᠦ ᠲᠤᠯᠠᠢ ᠡᠪᠡᠳᠴᠢᠨ ᠢ ᠣᠯᠠᠨ ᠡᠭᠦᠰᠬᠡᠬᠦ ᠨᠢᠭᠡᠨ ᠴᠢᠬᠤᠯᠠ ᠰᠢᠯᠲᠠᠭᠠᠨ ᠪᠣᠯᠵᠠᠢ᠃ ᠵᠢᠮᠢᠰ ᠤᠨ ᠰᠢᠬᠢᠷ ᠥᠨᠳᠥᠷ ᠢᠳᠡᠭᠡᠨ ᠢ ᠰᠢᠩᠭᠡᠬᠡᠨ ᠠᠪᠬᠤ ᠶᠢ ᠬᠢᠵᠠᠭᠠᠷᠯᠠᠬᠤ ᠨᠢ ᠰᠢᠭᠡᠰᠦᠨ ᠬᠦᠴᠢᠯ ᠥᠨᠳᠥᠷ ᠴᠢᠰᠤᠨ ᠭᠡᠮ ᠢ ᠬᠢᠵᠠᠭᠠᠷᠯᠠᠬᠤ ᠪᠤᠶᠤ ᠴᠢᠨᠠᠭᠰᠢᠯᠠᠪᠠᠯ ᠪᠠᠭᠤᠷᠠᠭᠤᠯᠬᠤ ᠪᠣᠯᠣᠨ᠎ᠠ᠃    ᠭᠤᠷᠪᠠᠳᠤᠭᠠᠷ ᠲᠤ᠂ ᠠᠵᠢᠯᠯᠠᠵᠤ ᠠᠮᠠᠷᠠᠬᠤ ᠪᠠᠨ ᠤᠶᠠᠯᠳᠤᠭᠤᠯᠬᠤ ᠬᠡᠷᠡᠭᠲᠡᠢ᠃ ᠡᠩ ᠤᠨ ᠦᠶ᠎ᠡ ᠳᠤ ᠠᠵᠢᠯᠯᠠᠵᠤ ᠠᠮᠠᠷᠠᠬᠤ ᠪᠠᠨ ᠤᠶᠠᠯᠳᠤᠭᠤᠯᠵᠤ᠂ ᠠᠮᠢᠳᠤᠷᠠᠯ ᠢᠶᠠᠨ ᠵᠢᠮ᠎ᠡ ᠶᠣᠰᠣ ᠲᠠᠢ ᠪᠠᠶᠢᠯᠭᠠᠵᠤ᠂ ᠲᠣᠭᠲᠠᠭᠰᠠᠨ ᠴᠠᠭ ᠲᠠᠭᠠᠨ ᠠᠵᠢᠯᠯᠠᠵᠤ ᠠᠮᠠᠷᠠᠨ᠂ ᠪᠡᠶ᠎ᠡ ᠪᠠᠨ ᠪᠤᠯᠪᠠᠰᠤᠷᠠᠭᠤᠯᠵᠤ᠂ ᠪᠡᠶ᠎ᠡ ᠶᠢᠨ ᠬᠦᠨᠳᠦ ᠪᠠᠨ ᠪᠠᠲᠤᠯᠠᠵᠤ᠂ ᠮᠠᠷᠢᠶᠠᠯᠠᠬᠤ ᠠᠴᠠ ᠵᠠᠶᠢᠯᠠᠰᠬᠢᠬᠦ ᠬᠡᠷᠡᠭᠲᠡᠢ᠃ ᠤᠶᠤᠨ ᠤ ᠭᠦᠳᠡᠯᠮᠦᠷᠢ ᠪᠣᠯᠣᠨ ᠠᠯᠪᠠᠨ ᠭᠡᠷ ᠲᠤ ᠤᠳᠠᠭᠠᠨ ᠰᠠᠭᠤᠵᠤ ᠠᠵᠢᠯᠯᠠᠳᠠᠭ ᠬᠥᠮᠥᠰ ᠤᠷᠲᠤ ᠬᠤᠭᠤᠴᠠᠭ᠎ᠠ ᠪᠠᠷ ᠲᠠᠷᠢᠬᠢ ᠪᠠᠨ ᠬᠡᠷᠡᠭᠯᠡᠬᠦ ᠪᠤᠶᠤ ᠤᠳᠠᠭᠠᠨ ᠰᠠᠭᠤᠬᠤ ᠠᠴᠠ ᠵᠠᠶᠢᠯᠠᠰᠬᠢᠵᠦ᠂ ᠡᠳᠦᠷ ᠪᠦᠷᠢ ᠵᠣᠬᠢᠬᠤ ᠴᠠᠭ ᠭᠠᠷᠭᠠᠵᠤ ᠬᠥᠳᠡᠯᠭᠡᠭᠡᠨ ᠬᠢᠬᠦ ᠪᠣᠯᠣᠨ ᠪᠡᠶ᠎ᠡ ᠶᠢᠨ ᠭᠦᠳᠡᠯᠮᠦᠷᠢ ᠬᠢᠬᠦ ᠶᠢ ᠦᠷᠭᠦᠯᠵᠢ ᠪᠠᠷᠢᠮᠲᠠᠯᠠᠬᠤ ᠬᠡᠷᠡᠭᠲᠡᠢ᠃     ᠳᠥᠷᠪᠡᠳᠦᠭᠡᠷ ᠲᠤ᠂ ᠲᠤᠯᠠᠢ ᠡᠪᠡᠳᠴᠢᠨ ᠳᠤ ᠨᠡᠷᠪᠡᠭᠳᠡᠭᠰᠡᠳ ᠤᠨ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ᠃ ᠮᠠᠨ ᠤ ᠤᠯᠤᠰ ᠤᠨ ᠰᠢᠨᠵᠢᠯᠡᠭᠡᠨ ᠤ ᠰᠠᠯᠠᠭᠠᠨ ᠤ ᠡᠮᠴᠢ ᠰᠤᠪᠢᠯᠠᠯᠲᠠ ᠶᠢᠨ ᠪᠦᠯᠭᠦᠮ ᠤᠨ ᠬᠢᠨ ᠲᠤᠯᠠᠢ ᠡᠪᠡᠳᠴᠢᠲᠡᠨ ᠤ ᠥᠪᠡᠷ ᠤᠨ ᠬᠠᠮᠢᠶᠠᠷᠤᠯᠲᠠ ᠶᠢᠨ ᠵᠣᠷ ᠭᠠᠷᠭᠠᠵᠤ᠂ ᠢᠳᠡᠭᠡᠨ ᠤᠮᠳᠠᠭᠠᠨ ᠤ ᠵᠢᠯᠣᠭᠤᠳᠤᠯᠭ᠎ᠠ᠂ ᠰᠢᠭᠡᠰᠦᠨ ᠬᠦᠴᠢᠯ ᠤᠨ ᠬᠢᠨᠠᠨ ᠬᠡᠮᠵᠢᠯᠲᠡ᠂ ᠡᠮ ᠤᠤᠭᠤᠬᠤ ᠵᠢᠯᠣᠭᠤᠳᠤᠯᠭ᠎ᠠ᠂ ᠬᠥᠳᠡᠯᠭᠡᠭᠡᠨ ᠬᠢᠵᠦ ᠡᠮᠨᠡᠨ ᠵᠠᠰᠠᠬᠤ᠂ ᠥᠪᠡᠷ ᠢ ᠪᠠᠨ ᠬᠠᠮᠢᠶᠠᠷᠤᠨ ᠡᠵᠡᠮᠳᠡᠬᠦ ᠵᠡᠷᠭᠡ 5 ᠲᠠᠯ᠎ᠠ ᠪᠠᠷ ᠲᠤᠰ ᠲᠤᠰ ᠡᠮᠴᠢᠯᠡᠭᠡ ᠰᠤᠪᠢᠯᠠᠯᠲᠠ ᠶᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠶᠠᠪᠤᠭᠳᠠᠭᠤᠯᠵᠠᠢ᠃ ᠡᠪᠡᠳᠴᠢᠲᠡᠨ ᠢ ᠵᠢᠯ ᠪᠦᠷᠢ ᠨᠠᠭᠠᠲᠤ ᠵᠠᠬ᠎ᠠ ᠳᠠᠭᠠᠨ ᠬᠤᠶᠠᠷ ᠤᠳᠠᠭ᠎ᠠ ᠨᠢᠭᠤᠷᠲᠠᠨ ᠡᠮᠨᠡᠭᠦᠯᠭᠦ ᠪᠠ ᠰᠤᠪᠢᠯᠠᠬᠤ ᠶᠢ ᠵᠢᠭᠠᠨ ᠵᠢᠯᠣᠭᠤᠳᠤᠨ᠎ᠠ᠃ ᠡᠪᠡᠳᠴᠢᠲᠡᠨ ᠳᠤ ᠥᠪᠡᠷ ᠢ ᠪᠠᠨ ᠬᠠᠮᠢᠶᠠᠷᠬᠤ ᠶᠢ ᠵᠢᠭᠠᠵᠤ᠂ ᠡᠪᠡᠳᠴᠢᠲᠡᠨ ᠤ ᠰᠢᠭᠡᠰᠦᠨ ᠬᠦᠴᠢᠯ ᠤᠨ ᠬᠢᠵᠠᠭᠠᠷᠯᠠᠯ ᠤᠨ ᠪᠠᠶᠢᠳᠠᠯ ᠪᠠ ᠡᠪᠡᠳᠴᠢᠨ ᠤ ᠢᠯᠡᠷᠡᠯ ᠢ ᠦᠨᠳᠦᠰᠦᠯᠡᠨ᠂ ᠡᠪᠡᠳᠴᠢᠲᠡᠨ ᠳᠤ ᠲᠥᠷᠥᠯ ᠬᠤᠪᠢᠶᠠᠨ ᠡᠮᠴᠢᠯᠡᠭᠡ ᠬᠢᠵᠦ ᠪᠤᠢ᠃ ᠪᠤᠶ ᠪᠦᠬᠦᠢ ᠡᠪᠡᠳᠴᠢᠲᠡᠨ ᠳᠤ ᠬᠠᠨᠳᠤᠯᠭᠠᠲᠤ ᠴᠢᠨᠠᠷᠲᠠᠢ ᠪᠠᠷ ᠡᠷᠡᠭᠦᠯ ᠮᠡᠨᠳᠦ ᠶᠢᠨ ᠬᠥᠮᠦᠵᠢᠯ ᠬᠢᠵᠦ᠂ ᠡᠪᠡᠳᠴᠢᠲᠡᠨ ᠲᠠᠢ ᠬᠠᠮᠲᠤ ᠪᠠᠷ ᠥᠪᠡᠷᠮᠢᠴᠡ ᠠᠮᠢᠳᠤᠷᠠᠯ ᠤᠨ ᠠᠷᠭ᠎ᠠ ᠮᠠᠶ᠋ᠢᠭ ᠢ ᠥᠭᠡᠷᠡᠴᠢᠯᠡᠨ ᠰᠠᠶᠢᠵᠢᠷᠠᠭᠤᠯᠬᠤ ᠬᠠᠷᠠᠯᠲᠠ ᠶᠢ ᠲᠣᠭᠲᠠᠭᠠᠬᠤ ᠶᠢᠨ ᠬᠠᠮᠲᠤ ᠲᠠᠷᠠᠭᠠᠴᠢ ᠶᠢᠨ ᠤᠳᠠᠭᠠᠨ ᠤ ᠡᠮᠴᠢᠯᠡᠭᠡᠨ ᠤ ᠦᠶ᠎ᠡ ᠳᠤ ᠠᠬᠢᠴᠠ ᠶᠢ ᠨᠢ ᠦᠨᠡᠯᠡᠨ ᠵᠢᠱᠢᠨ᠎ᠡ᠃ ᠡᠪᠡᠳᠴᠢᠲᠡᠨ ᠳᠤ ᠶᠠᠮᠠᠷ ᠶᠠᠮᠠᠷ ᠬᠡᠪ ᠤᠨ ᠪᠤᠰᠤ ᠪᠠᠶᠢᠳᠠᠯ ᠭᠠᠷᠪᠠᠯ ᠳᠠᠷᠦ᠋ᠢᠬᠠᠨ ᠡᠮᠨᠡᠭᠦᠯᠭᠦ ᠶᠢ ᠬᠡᠯᠡᠵᠦ ᠥᠭᠭᠦᠨ᠎ᠡ᠃     ᠲᠤᠯᠠᠢ ᠡᠪᠡᠳᠴᠢᠨ ᠢ ᠳᠡᠭᠡᠷᠡᠬᠢ ᠤᠯᠠᠨ ᠵᠦᠢᠯ ᠤᠨ ᠠᠷᠭ᠎ᠠ ᠪᠠᠷ ᠳᠠᠮᠵᠢᠵᠤ ᠰᠡᠷᠭᠡᠶᠢᠯᠡᠬᠦ ᠪᠠ ᠨᠠᠮᠳᠠᠭᠤᠯᠵᠤ ᠪᠣᠯᠣᠨ᠎ᠠ᠂ ᠭᠠᠭᠴᠠ ᠬᠦ ᠡᠳᠡᠭᠡᠷ ᠨᠠᠷᠢᠨ ᠨᠢᠭᠲᠠ ᠠᠵᠢᠯ ᠢ ᠰᠠᠶᠢᠲᠤᠷ ᠬᠢᠪᠡᠯ ᠰᠠᠶ᠋ᠢ ᠲᠤᠰ ᠡᠪᠡᠳᠴᠢᠨ ᠤ ᠡᠭᠦᠰᠬᠦ ᠨᠤᠷᠮ᠎ᠠ ᠶᠢ ᠪᠠᠭᠤᠷᠠᠭᠤᠯᠵᠤ᠂ ᠬᠥᠮᠥᠰ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠴᠢᠳᠠᠨ᠎ᠠ᠃ ︽ᠪᠦᠭᠦ ᠠᠷᠠᠳ ᠢᠶᠠᠷ ᠢᠶᠠᠨ ᠲᠤᠯᠠᠢ ᠡᠪᠡᠳᠴᠢᠨ ᠢ ᠠᠩᠬᠠᠷᠬᠤ ᠡᠳᠦᠷ︾ ᠨᠢ ᠨᠢᠭᠡᠨᠲᠡ ᠪᠦᠭᠦ ᠪᠥᠮᠪᠥᠷᠴᠡᠭ ᠤᠨ ᠲᠤᠯᠠᠢ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠪᠡᠯᠭᠡ ᠲᠡᠮᠳᠡᠭ ᠪᠣᠯᠵᠠᠢ᠃ ᠲᠡᠷᠡ ᠨᠢ ᠪᠢᠳᠡᠨ ᠳᠤ ᠥᠪᠡᠷ ᠤᠨ ᠪᠡᠶ᠎ᠡ ᠶᠢᠨ ᠡᠷᠡᠭᠦᠯ ᠴᠢᠭᠢᠷᠠᠭ ᠢᠶᠠᠨ ᠠᠩᠬᠠᠷᠬᠤ ᠶᠢ ᠰᠠᠨᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠠᠨᠠᠭᠠᠬᠤ ᠤᠬᠠᠭᠠᠨ ᠤ ᠡᠲᠡᠭᠡᠳ ᠤᠨ ᠬᠢᠨ ᠤ ᠲᠤᠯᠠᠢ ᠡᠪᠡᠳᠴᠢᠨ ᠢ ᠰᠤᠳᠤᠯᠬᠤ ᠪᠠ ᠡᠮᠨᠡᠨ ᠵᠠᠰᠠᠬᠤ ᠲᠠᠯ᠎ᠠ ᠪᠠᠷ ᠬᠢ ᠲᠠᠰᠤᠷᠠᠯᠲᠠ ᠦᠭᠡᠢ ᠳᠠᠪᠰᠢᠯᠲᠠ ᠶᠢ ᠬᠠᠷᠠᠭᠤᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂ ᠲᠤᠯᠠᠢ ᠡᠪᠡᠳᠴᠢᠨ ᠭᠡᠳᠡᠭ ᠡᠨᠡ ᠬᠦ ᠡᠷᠲᠡ ᠤᠵᠠᠭᠤᠷ ᠠᠴᠠ ᠪᠠᠨ ᠪᠠᠶᠢᠭᠰᠠᠨ ᠡᠪᠡᠳᠴᠢᠨ ᠢ ᠡᠴᠦᠰ ᠲᠡᠭᠡᠨ ᠬᠢᠵᠠᠭᠠᠷᠯᠠᠵᠤ᠂ ᠨᠡᠩ ᠣᠯᠠᠨ ᠡᠪᠡᠳᠴᠢᠲᠡᠨ ᠢ ᠡᠷᠡᠭᠦᠯᠵᠢᠭᠦᠯᠵᠦ ᠴᠢᠳᠠᠬᠤ ᠨᠢ ᠳᠠᠮᠵᠢᠭ ᠦᠭᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号