ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠪᠡ︕
ᠨᠡᠶᠢᠲᠡᠯᠡᠭᠰᠡᠨ ᠴᠠᠭ᠄
2024/9/13
   ● 9 ᠳ᠋ᠦ᠋ᠭᠡᠷ ᠰᠠᠷ᠎ᠠ ᠶᠢᠨ 3 ᠤ ᠡᠳᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ ︵2024 ᠣᠨ ᠤ ᠪᠠᠷᠯᠠᠯ︶︾ ᠶᠢ ᠨᠡᠶᠢᠲᠡᠯᠡᠪᠡ᠃    ● ᠠᠵᠤ ᠠᠬᠤᠶᠢᠯᠠᠯ ᠤᠨ ᠣᠷᠣᠨ ᠬᠡᠪᠴᠢᠶ᠎ᠡ ᠠᠯᠤᠰᠯᠠᠨ ᠨᠡᠭᠦᠨ ᠰᠢᠯᠵᠢᠬᠦ ᠶᠢ ᠬᠢᠵᠠᠭᠠᠷᠯᠠᠬᠤ᠂ ᠪᠤᠰᠤᠳ ᠤᠨ ᠨᠡᠷ᠎ᠡ ᠪᠠᠷ ᠳᠠᠩᠰᠠᠯᠠᠨ ᠲᠡᠮᠳᠡᠭᠯᠡᠭᠦᠯᠬᠦ᠂ ᠲᠤᠰᠬᠠᠢ ᠲᠥᠯᠥᠪᠦᠷᠢ ᠨᠡᠬᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢᠨ ᠠᠩᠬᠠᠷᠴᠤ ᠪᠠᠶᠢᠭ᠎ᠠ ᠵᠦᠢᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠦ᠂ ᠠᠵᠤ ᠠᠬᠤᠶᠢᠯᠠᠯ ᠤᠨ ᠣᠨᠳᠣᠣ ᠭᠠᠵᠠᠷ ᠲᠤ ᠨᠡᠭᠦᠨ ᠰᠢᠯᠵᠢᠬᠦ ᠳᠤ ᠰᠢᠯᠵᠢᠨ ᠣᠷᠣᠬᠤ ᠭᠠᠵᠠᠷ ᠲᠤ ᠪᠠᠨ ᠬᠦᠷᠴᠦ ᠰᠢᠭᠤᠳ ᠳᠠᠩᠰᠠᠯᠠᠨ ᠲᠡᠮᠳᠡᠭᠯᠡᠭᠦᠯᠬᠦ᠂ ᠠᠵᠤ ᠠᠬᠤᠶᠢᠯᠠᠯ ᠤᠨ ᠦᠨᠡᠨ ᠨᠡᠷ᠎ᠡ ᠪᠠᠷ ᠢᠶᠠᠨ ᠳᠠᠩᠰᠠᠯᠠᠨ ᠲᠡᠮᠳᠡᠭᠯᠡᠭᠦᠯᠬᠦ ᠲᠣᠭᠲᠠᠴᠠ ᠪᠠ ᠶᠠᠪᠤᠴᠠ ᠶᠢ ᠨᠢ ᠲᠡᠭᠦᠯᠳᠡᠷᠵᠢᠭᠦᠯᠬᠦ᠂ ᠲᠤᠰᠬᠠᠢ ᠲᠥᠯᠥᠪᠦᠷᠢ ᠨᠡᠬᠡᠬᠦ ᠠᠵᠢᠯᠯᠠᠭ᠎ᠠ ᠶᠢ ᠨᠢ ᠬᠠᠤᠯᠢ ᠶᠣᠰᠣᠭᠠᠷ ᠳᠦᠷᠢᠮᠵᠢᠭᠦᠯᠬᠦ ᠵᠡᠷᠭᠡ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠳᠤᠷᠠᠳᠪᠠ᠃    ● ᠴᠢᠩᠭ᠎ᠠ ᠵᠢᠷᠤᠮᠵᠢᠭᠤᠨ ᠪᠦᠭᠡᠳ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠲᠠᠯ᠎ᠠ ᠪᠠᠷ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠦᠢᠯᠡ ᠪᠠᠶᠢᠳᠠᠯ᠂ ᠨᠡᠶᠢᠭᠡᠮ ᠳᠤ ᠤᠴᠠᠷᠠᠭᠤᠯᠤᠭᠰᠠᠨ ᠬᠤᠣᠷ ᠬᠥᠨᠥᠭᠡᠯ ᠤᠨ ᠬᠡᠮᠵᠢᠶ᠎ᠡ ᠲᠠᠢ ᠨᠢ ᠤᠶᠠᠯᠳᠤᠭᠤᠯᠤᠨ᠂ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠨᠥᠯᠥᠭᠡᠯᠡᠬᠦ ᠬᠦᠴᠦᠨ ᠵᠦᠢᠯ ᠢ ᠨᠢ ᠶᠡᠷᠦᠩᠬᠡᠶᠢᠯᠡᠨ ᠪᠣᠳᠣᠯᠬᠢᠯᠠᠵᠤ᠂ ᠰᠢᠢᠳᠬᠡᠯ ᠲᠣᠷᠭᠠᠭᠤᠯᠢ ᠶᠢᠨ ᠲᠦᠷᠦᠯ ᠪᠠ ᠬᠡᠮᠵᠢᠶ᠎ᠡ ᠶᠢ ᠨᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ ᠭᠡᠵᠦ ᠳᠤᠷᠠᠳᠤᠨ ᠭᠠᠷᠭᠠᠪᠠ᠃    ● ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠬᠤᠭᠤᠴᠠᠭ᠎ᠠ ᠬᠡᠲᠦᠷᠡᠭᠰᠡᠨ ᠠᠲᠠᠯ᠎ᠠ ᠲᠥᠯᠥᠭᠡᠳᠦᠢ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰᠤᠨ ᠤ ᠵᠦᠢᠯ ᠤᠨ ᠭᠡᠷ᠎ᠡ ᠶᠢᠨ ᠲᠤᠭ᠎ᠠ ᠬᠡᠮᠵᠢᠶ᠎ᠡ᠂ ᠵᠣᠭᠤᠰᠤᠨ ᠤ ᠲᠤᠭ᠎ᠠ ᠵᠡᠷᠭᠡ ᠮᠡᠳᠡᠭᠡ ᠵᠠᠩᠭᠢ ᠶᠢ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠳᠤ ᠣᠷᠣᠭᠤᠯᠵᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃    ● ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ᠂ ᠬᠠᠭᠤᠷᠮᠠᠭ ᠵᠦᠢᠯ ᠦᠢᠯᠡᠳᠴᠦ ᠪᠣᠷᠣᠯᠠᠭᠤᠯᠤᠭᠰᠠᠨ᠂ ᠡᠷᠬᠡ ᠳᠤ ᠬᠠᠯᠳᠠᠵᠤ ᠬᠠᠭᠤᠷᠮᠠᠭᠯᠠᠭᠰᠠᠨ᠂ ᠵᠢᠩ ᠯᠠᠩ ᠳᠤᠲᠠᠭᠤᠳᠠᠭᠰᠠᠨ᠂ ᠭᠤᠣᠯᠴᠢ ᠥᠷᠢᠰᠦᠯᠳᠦᠭᠡᠨ ᠢ ᠡᠪᠳᠡᠭᠰᠡᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠵᠡᠷᠭᠡ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠡᠪᠳᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃    ● ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠰᠤᠷᠭᠠᠭᠤᠯᠢ ᠶᠢᠨ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠢ ᠴᠢᠩᠭᠠᠳᠬᠠᠬᠤ ᠳᠦᠷᠢᠮ ᠪᠠ ᠲᠦᠷᠦ ᠶᠢᠨ ᠪᠣᠳᠣᠯᠭ᠎ᠠ ᠶᠢ ᠲᠣᠭᠲᠠᠭᠠᠨ᠎ᠠ᠃    ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠤᠭ ᠤᠨ ᠰᠢᠨ᠎ᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 3 ᠤ ᠡᠳᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ ︵2024 ᠣᠨ ᠤ ᠪᠠᠷᠯᠠᠯ︶︾ ︵ᠳᠣᠷᠣᠭᠰᠢ ︽ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ︾ ᠭᠡᠵᠦ ᠲᠣᠪᠴᠢᠯᠠᠪᠠ︶ ᠶᠢ ᠨᠡᠶᠢᠲᠡᠯᠡᠪᠡ᠃    ︽ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ︾ ᠨᠢ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠵᠢᠭᠰᠠᠨ᠂ ᠳᠡᠯᠡᠬᠡᠶᠢᠴᠢᠯᠡᠭᠰᠡᠨ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠪᠦᠲᠦᠭᠡᠨ ᠪᠠᠶᠢᠭᠤᠯᠬᠤ ᠶᠢᠨ ᠲᠦᠯᠦᠭᠡ᠂ ᠪᠦᠬᠦᠯᠢ ᠴᠣᠭᠴᠠ ᠪᠠᠷ ᠨᠢ ᠰᠢᠯᠢᠳᠡᠭᠵᠢᠭᠦᠯᠬᠦ ᠬᠠᠷᠠᠯᠲᠠ ᠶᠢᠨ ᠲᠣᠭᠤᠷᠢᠨ ᠳᠤ᠂ ︽ᠴᠢᠯᠦᠭᠡᠲᠡᠢ ᠲᠠᠯᠪᠢᠬᠤ︾ ᠮᠥᠷᠲᠡᠭᠡᠨ ᠪᠠᠰᠠ ︽ᠬᠠᠮᠢᠶᠠᠷᠴᠤ ᠳᠡᠶᠢᠯᠬᠦ︾ ᠱᠠᠭᠠᠷᠳᠠᠯᠭ᠎ᠠ ᠶᠣᠰᠣᠭᠠᠷ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠭᠤᠣᠯᠳᠠᠯᠭ᠎ᠠ ᠪᠣᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠠᠯ᠎ᠠ ᠪᠠᠷ ︽ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ︾ ᠨᠢ ᠳᠣᠣᠷᠠᠬᠢ ᠮᠡᠲᠦ ᠣᠨᠴᠠᠯᠢᠭ ᠲᠠᠢ᠄    ᠨᠢᠭᠡ ᠳᠤ    ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠡᠵᠡᠩᠨᠡᠯᠲᠡ ᠶᠢᠨ ᠭᠤᠣᠯ ᠴᠣᠭᠴᠠ ᠶᠢᠨ ᠲᠤᠰᠬᠠᠯ ᠢᠶᠠᠷ ᠴᠢᠩᠭ᠎ᠠ ᠪᠠᠶᠢᠭ᠎ᠠ᠂ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠵᠦ ᠪᠠᠶᠢᠭ᠎ᠠ ᠭᠤᠣᠯᠳᠠᠯᠭ᠎ᠠ ᠪᠣᠯᠬᠤ ᠬᠦᠴᠢᠷᠳᠡᠯ ᠪᠠ ᠲᠦᠭᠵᠢᠷᠡᠯ ᠤᠨ ᠠᠰᠠᠭᠤᠳᠠᠯ ᠯᠤᠭ᠎ᠠ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠬᠠᠭᠠᠯᠠᠨ ᠳᠤᠷᠠᠳᠴᠤ᠂ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ ᠠᠵᠤ ᠠᠬᠤᠶᠢᠯᠠᠯ ᠤᠨ ᠣᠷᠣᠨ ᠬᠡᠪᠴᠢᠶ᠎ᠡ ᠠᠯᠤᠰᠯᠠᠨ ᠨᠡᠭᠦᠨ ᠰᠢᠯᠵᠢᠬᠦ ᠶᠢ ᠬᠢᠵᠠᠭᠠᠷᠯᠠᠬᠤ᠂ ᠪᠤᠰᠤᠳ ᠤᠨ ᠨᠡᠷ᠎ᠡ ᠪᠠᠷ ᠳᠠᠩᠰᠠᠯᠠᠨ ᠲᠡᠮᠳᠡᠭᠯᠡᠭᠦᠯᠬᠦ᠂ ᠲᠤᠰᠬᠠᠢ ᠲᠥᠯᠥᠪᠦᠷᠢ ᠨᠡᠬᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢᠨ ᠠᠩᠬᠠᠷᠴᠤ ᠪᠠᠶᠢᠭ᠎ᠠ ᠵᠦᠢᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠦ᠂ ᠠᠵᠤ ᠠᠬᠤᠶᠢᠯᠠᠯ ᠤᠨ ᠣᠨᠳᠣᠣ ᠭᠠᠵᠠᠷ ᠲᠤ ᠨᠡᠭᠦᠨ ᠰᠢᠯᠵᠢᠬᠦ ᠳᠤ ᠰᠢᠯᠵᠢᠨ ᠣᠷᠣᠬᠤ ᠭᠠᠵᠠᠷ ᠲᠤ ᠪᠠᠨ ᠬᠦᠷᠴᠦ ᠰᠢᠭᠤᠳ ᠳᠠᠩᠰᠠᠯᠠᠨ ᠲᠡᠮᠳᠡᠭᠯᠡᠭᠦᠯᠬᠦ᠂ ᠠᠵᠤ ᠠᠬᠤᠶᠢᠯᠠᠯ ᠤᠨ ᠦᠨᠡᠨ ᠨᠡᠷ᠎ᠡ ᠪᠠᠷ ᠢᠶᠠᠨ ᠳᠠᠩᠰᠠᠯᠠᠨ ᠲᠡᠮᠳᠡᠭᠯᠡᠭᠦᠯᠬᠦ ᠲᠣᠭᠲᠠᠴᠠ ᠪᠠ ᠶᠠᠪᠤᠴᠠ ᠶᠢ ᠨᠢ ᠲᠡᠭᠦᠯᠳᠡᠷᠵᠢᠭᠦᠯᠬᠦ᠂ ᠲᠤᠰᠬᠠᠢ ᠲᠥᠯᠥᠪᠦᠷᠢ ᠨᠡᠬᠡᠬᠦ ᠠᠵᠢᠯᠯᠠᠭ᠎ᠠ ᠶᠢ ᠨᠢ ᠬᠠᠤᠯᠢ ᠶᠣᠰᠣᠭᠠᠷ ᠳᠦᠷᠢᠮᠵᠢᠭᠦᠯᠬᠦ ᠵᠡᠷᠭᠡ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃    ᠬᠤᠶᠠᠷ ᠲᠤ    ᠲᠥᠪ ᠶᠣᠰᠤ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠳᠠᠯ ᠪᠠ ᠥᠭᠡᠷᠡᠴᠢᠯᠡᠯᠲᠡ ᠶᠢᠨ ᠡᠭᠦᠷᠭᠡ ᠯᠦᠭᠡ ᠤᠶᠠᠯᠳᠤᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠰᠢᠨ᠎ᠡ ᠠᠷᠭ᠎ᠠ ᠬᠡᠮᠵᠢᠶ᠎ᠡ ᠶᠢ ᠯᠠᠪᠳᠠᠭᠤᠨ ᠪᠣᠯᠭᠤᠮᠵᠢᠲᠠᠢ ᠪᠠᠷ ᠭᠠᠷᠭᠠᠨ᠎ᠠ᠃ ᠴᠢᠩᠭ᠎ᠠ ᠵᠢᠷᠤᠮᠵᠢᠭᠤᠨ ᠪᠦᠭᠡᠳ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠲᠠᠯ᠎ᠠ ᠪᠠᠷ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠦᠢᠯᠡ ᠪᠠᠶᠢᠳᠠᠯ᠂ ᠨᠡᠶᠢᠭᠡᠮ ᠳᠤ ᠤᠴᠠᠷᠠᠭᠤᠯᠤᠭᠰᠠᠨ ᠬᠤᠣᠷ ᠬᠥᠨᠥᠭᠡᠯ ᠤᠨ ᠬᠡᠮᠵᠢᠶ᠎ᠡ ᠲᠠᠢ ᠨᠢ ᠤᠶᠠᠯᠳᠤᠭᠤᠯᠤᠨ᠂ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠨᠥᠯᠥᠭᠡᠯᠡᠬᠦ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠰᠢᠢᠳᠬᠡᠯ ᠲᠣᠷᠭᠠᠭᠤᠯᠢ ᠶᠢᠨ ᠲᠦᠷᠦᠯ ᠪᠠ ᠬᠡᠮᠵᠢᠶ᠎ᠡ ᠶᠢ ᠨᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ ᠭᠡᠵᠦ ᠳᠤᠷᠠᠳᠤᠨ ᠭᠠᠷᠭᠠᠪᠠ᠃ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠦᠯᠦᠪᠯᠡᠬᠦ ᠥᠨᠳᠥᠷᠴᠡ ᠠᠴᠠ ᠠᠮᠤᠷ ᠲᠦᠪᠰᠢᠨ ᠢ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢᠶᠠᠨ ᠰᠢᠯᠢᠳᠡᠭᠵᠢᠭᠦᠯᠬᠦ ᠶᠢᠨ ᠰᠠᠭᠤᠷᠢ ᠪᠣᠯᠭᠠᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠨᠢ ᠪᠦᠷᠢᠨᠰᠢᠭᠦᠯᠬᠦ ᠵᠡᠷᠭᠡ ᠠᠯᠢ ᠤᠯᠠᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠳᠤᠷᠠᠳᠴᠠᠢ᠃    ᠭᠤᠷᠪᠠ ᠳᠤ    ᠬᠥᠭᠵᠢᠯᠲᠡ ᠳᠤ ᠦᠢᠯᠡᠴᠢᠯᠡᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢᠶᠠᠨ ᠲᠡᠭᠦᠯᠳᠡᠷᠵᠢᠭᠦᠯᠬᠦ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠳᠦᠷᠢᠮ ᠤᠨ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠳᠠᠩᠰᠠᠯᠠᠭᠤᠯᠤᠭᠰᠠᠨ ᠬᠥᠷᠥᠩᠭᠡ ᠶᠢᠨ ᠵᠦᠪᠰᠢᠶᠡᠷᠡᠨ ᠲᠤᠰᠢᠶᠠᠭᠰᠠᠨ ᠢᠶᠠᠷ ᠨᠢ ᠳᠠᠩᠰᠠᠯᠠᠨ ᠲᠡᠮᠳᠡᠭᠯᠡᠬᠦ ᠳᠦᠷᠢᠮ ᠢ ᠭᠦᠨᠵᠡᠭᠡᠶᠢᠷᠡᠭᠦᠯᠦᠨ᠂ ᠬᠠᠤᠯᠢ ᠶᠣᠰᠣᠭᠠᠷ ᠲᠣᠭᠲᠠᠭᠰᠠᠨ ᠬᠤᠭᠤᠴᠠᠭᠠᠨ ᠳᠤ ᠪᠠᠨ ᠵᠦᠪᠰᠢᠶᠡᠷᠡᠨ ᠲᠤᠰᠢᠶᠠᠬᠤ ᠶᠢ ᠬᠡᠷᠡᠭᠵᠢᠭᠦᠯᠦᠨ᠎ᠡ︔ ᠢᠲᠡᠭᠡᠮᠵᠢ ᠶᠢᠨ ᠲᠦᠭᠰᠢᠭᠦᠷᠢ ᠶᠢ ᠲᠦᠷᠦᠯ ᠬᠤᠪᠢᠶᠠᠨ ᠬᠠᠮᠢᠶᠠᠷᠬᠤ ᠶᠢ ᠪᠦᠬᠦ ᠲᠠᠯ᠎ᠠ ᠪᠠᠷ ᠭᠦᠨᠵᠡᠭᠡᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠠᠬᠢ ᠴᠢᠬᠤᠯᠠ ᠪᠤᠰᠤ ᠭᠠᠷ ᠳᠦᠷᠦᠯᠲᠡ ᠶᠢ ᠦᠨᠡᠨ ᠬᠦ ᠪᠠᠭᠠᠰᠬᠠᠨ᠎ᠠ︔ ᠭᠤᠣᠯᠴᠢ ᠦᠷᠢᠰᠦᠯᠳᠦᠭᠡᠨ ᠤ ᠳᠦᠷᠢᠮ ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠨᠡᠭᠦᠨ ᠰᠢᠯᠵᠢᠬᠦ ᠶᠢ ᠨᠢ ᠬᠢᠵᠠᠭᠠᠷᠯᠠᠬᠤ᠂ ᠵᠠᠬ᠎ᠠ ᠳᠡᠯᠭᠡᠭᠦᠷ ᠲᠤ ᠭᠤᠣᠯᠴᠢ ᠪᠠᠷ ᠣᠷᠣᠬᠤ ᠵᠥᠪᠰᠢᠶᠡᠷᠡᠯ ᠢ ᠬᠠᠷᠰᠢᠯᠠᠬᠤ᠂ ᠥᠪᠡᠷ ᠪᠡᠶ᠎ᠡ ᠶᠢᠨ ︽ᠪᠠᠭ᠎ᠠ ᠣᠷᠴᠢᠯ︾ ᠢ ᠪᠤᠢ ᠪᠣᠯᠭᠠᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠠᠷᠢᠯᠭᠠᠨ᠎ᠠ ᠭᠡᠵᠦ ᠳᠤᠷᠠᠳᠤᠨ ᠭᠠᠷᠭᠠᠪᠠ᠃    ᠳᠥᠷᠪᠡ ᠳᠤ    ᠰᠢᠰᠲ᠋ᠧᠮ ᠤᠨ ᠬᠤᠷᠠᠮᠠᠯ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠪᠠ ᠰᠢᠰᠲ᠋ᠧᠮ ᠤᠨ ᠪᠠᠶᠢᠷᠢᠰᠢᠭᠤᠯᠤᠯᠲᠠ ᠶᠢ ᠴᠢᠩᠭᠠᠳᠬᠠᠨ᠂ ᠡᠯ᠎ᠡ ᠲᠠᠯ᠎ᠠ ᠶᠢᠨ ᠠᠷᠭ᠎ᠠ ᠬᠡᠮᠵᠢᠶ᠎ᠡ ᠶᠢ ᠬᠠᠷᠢᠯᠴᠠᠨ ᠥᠨᠳᠥᠷ ᠪᠦᠲᠦᠮᠵᠢᠲᠡᠶ ᠬᠠᠮᠵᠢᠯᠴᠠᠭᠤᠯᠵᠤ᠂ ᠲᠥᠷᠥ ᠶᠢᠨ ᠪᠣᠳᠣᠯᠭ᠎ᠠ ᠶᠢᠨ ᠠᠭᠤᠰᠤᠯᠴᠠᠨ ᠨᠡᠶᠢᠳᠬᠡᠬᠦ ᠦᠢᠯᠡᠳᠦᠯ ᠢ ᠴᠢᠩᠭᠠᠷᠠᠭᠤᠯᠤᠨ᠎ᠠ᠃ ︽ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ︾ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠡᠷᠦᠩᠬᠡᠶᠢᠯᠡᠭᠰᠡᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠂ ᠲᠡᠷᠡ ᠨᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠡᠯ᠎ᠡ ᠶᠡᠭᠡ ᠡᠭᠦᠷᠭᠡ ᠴᠢᠳᠠᠪᠤᠷᠢ ᠶᠢᠨ ᠬᠦᠷᠢᠶ᠎ᠡ ᠬᠡᠪᠴᠢᠶ᠎ᠡ ᠶᠢ ᠬᠠᠮᠤᠷᠴᠤ᠂ ᠵᠠᠬ᠎ᠠ ᠳᠡᠯᠭᠡᠭᠦᠷ ᠲᠤ ᠣᠷᠣᠬᠤ ᠵᠦᠪᠰᠢᠶᠡᠷᠡᠯ᠂ ᠭᠤᠣᠯᠴᠢ ᠦᠷᠢᠰᠦᠯᠳᠦᠭᠡᠨ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ᠂ ᠳᠦᠷᠢᠮ ᠤᠨ ᠪᠠᠶᠢᠭᠤᠯᠤᠯᠲᠠ᠂ ᠰᠠᠭᠤᠷᠢ ᠲᠤᠯᠭᠠᠭᠤᠷᠢᠯᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠤᠯᠠᠨ ᠲᠠᠯ᠎ᠠ ᠤᠯᠠᠨ ᠱᠤᠭᠤᠮ ᠤᠨ ᠭᠤᠣᠯᠯᠠᠬᠤ ᠠᠵᠢᠯ ᠢ ᠠᠭᠤᠰᠤᠯᠴᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠬᠠᠮᠵᠢᠯᠴᠠᠬᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠠᠵᠤ ᠠᠬᠤᠢ ᠶᠢᠨ ᠪᠠᠭᠤᠷᠠᠯᠲᠠ ᠶᠢᠨ ᠳᠠᠷᠤᠭᠠᠰᠤ ᠶᠢ ᠠᠷᠭᠠᠴᠠᠬᠤ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠯ ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠭᠠᠳᠠᠭᠠᠳᠤ ᠪᠡᠯᠡ ᠶᠢ ᠦᠷᠭᠦᠯᠵᠢᠯᠡᠨ ᠲᠠᠲᠠᠬᠤ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠦᠯᠬᠢᠨ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ ᠃ ᠲᠠᠷᠠᠭᠠᠴᠢ ᠪᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠬᠦᠰᠡᠯ ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠣᠷᠣᠨ ᠨᠤᠲᠤᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠭᠠᠨ ᠵᠢᠯᠣᠭᠤᠳᠴᠤ ᠪᠠᠶᠢᠭᠠᠳ ︽ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ︾ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号