ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠳᠤᠮᠳᠠᠳᠤ | ᠤᠯᠤᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠲᠤ | ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠤᠷᠤᠯᠳᠤᠭᠠᠨ ᠤ ᠠᠵᠢᠯ ᠲᠥᠷᠥᠯ ᠤᠨ ᠶᠡᠷᠦᠩᠬᠡᠶ ᠰᠢᠢᠳᠪᠦᠷᠢᠲᠦ ᠤᠷᠤᠯᠳᠤᠭᠠᠨ ᠳᠤ ᠠᠵᠤ ᠠᠬᠤᠶᠢᠯᠠᠯ ᠳᠤ ᠣᠷᠣᠵᠤ᠂ | ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 8 ᠠᠵᠤ ᠠᠬᠤᠶᠢᠯᠠᠯ ᠰᠣᠩᠭᠤᠭᠳᠠᠪᠠ᠃ ᠲᠣᠰ | ᠤᠳᠠᠭ᠎ᠠ ᠲᠠᠨᠢᠯᠴᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠨᠡᠶᠢᠲᠡ 11 ᠪᠠᠶᠢᠵᠤ᠂ | ᠡᠭᠦᠨ ᠳᠤ ᠪᠤᠭᠤᠲᠤ ᠶᠢᠨ ᠠᠵᠤ ᠠᠬᠤᠶᠢᠯᠠᠯ 9 ᠪᠠᠶᠢᠨ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠤᠷᠣᠠ ᠤ ᠠᠵᠣ ᠠᠬᠤᠢᠯᠠᠯ ᠤᠨ ᠲᠤᠭ᠎ᠠ ᠬᠡᠮᠵᠢᠶ᠎ᠡ ᠨᠢ ᠦᠪᠠᠷᠳᠠᠬᠡᠠ ᠵᠠᠰᠠᠬᠤ ᠤᠷᠣᠠ ᠤ 73% ᠶᠢ ᠡᠵᠡᠯᠡᠵᠦ᠂ | ᠪᠤᠭᠤᠲᠤ ᠬᠤᠲᠠ ᠶᠢᠨ 89% ᠶᠢ ᠡᠵᠡᠯᠡᠵᠦ ᠪᠠᠶᠢᠭ᠎ᠠ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠤᠷᠣᠠ ᠤ ᠰᠢᠨᠵᠢᠯᠡᠬᠦ ᠤᠬᠠᠭᠠᠠ ᠮᠡᠷᠭᠡᠵᠢᠯ ᠤᠨᠰᠢᠨ᠎ᠡ ᠶᠢ ᠡᠭᠦᠳᠬᠦ᠂ ᠠᠵᠣ ᠦᠯᠠᠰ ᠤᠨ ᠲᠥᠪᠯᠡᠷᠡᠯ᠂ | ᠴᠢᠳᠠᠪᠤᠷᠢᠲᠠᠨ ᠢ ᠬᠦᠭᠵᠢᠭᠦᠯᠬᠦ ᠡᠯᠡᠲ᠋ᠦ᠋ᠷᠣ ᠶᠢᠨ ᠪᠣᠳᠣᠯᠭ᠎ᠠ ᠵᠡᠷᠭᠡ ᠲᠠᠯ᠎ᠠ ᠪᠠᠷ ᠠᠵᠣ ᠠᠬᠤᠢᠯᠠᠯ ᠤᠨ | ᠬᠦᠭᠵᠢᠯᠲᠡ ᠳᠠᠬᠢ ᠶᠡᠷᠦᠩᠬᠡᠢ ᠳᠠᠪᠠᠭᠤᠯᠢᠭ ᠢ ᠬᠠᠷᠠᠭᠤᠯᠵᠤ ᠪᠠᠢᠨ᠎ᠠ᠃ | ᠲᠠᠨᠢᠯᠴᠠᠭᠤᠯᠤᠨ ᠣᠷᠣᠭᠤᠯᠬᠤ 8 ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ | ᠠᠬᠤᠶᠢᠯᠠᠯ ᠤᠨ ᠳᠣᠲᠣᠷ᠎ᠠ᠂ ᠤᠮᠠᠷᠠᠲᠤ ᠶᠢᠨ ᠬᠤᠪᠣᠷ ᠰᠢᠷᠣᠶ ᠶᠢᠨ ᠷᠦᠢ ᠬᠤᠩ ︵ᠪᠤᠭᠤᠲᠤ︶ ᠰᠢᠨ᠎ᠡ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠶᠢᠨ | ᠲᠡᠮᠦᠷᠯᠢᠭ ᠬᠠᠶᠢᠯᠤᠭᠤᠯᠬᠤ ᠪᠠᠷᠢᠯᠭ᠎ᠠ ᠶᠢᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠵᠥᠩ ᠺᠧ ᠮᠧᠩ | ᠰᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠬᠤᠲᠠ ᠶᠢᠨ ᠠᠨ ᠳ᠋ᠧ ᠰᠢ ᠨᠠᠢ | ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠣᠯᠤᠨ ᠶᠢᠩ ᠬᠤᠸᠠ ᠷᠦᠩ ᠲᠠᠢ ᠡᠮᠴᠢᠯᠡᠭᠡᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 5 ᠠᠵᠤ ᠠᠬᠤᠶᠢᠯᠠᠯ ᠦᠰᠦᠨ ᠪᠤᠶᠢᠵᠢᠬᠤ | ᠠᠵᠤ ᠠᠬᠤᠶᠢᠯᠠᠯ ᠤᠨ ᠳᠤᠭᠤᠶᠢᠯᠠᠩ ᠤᠨ ᠪᠥᠬᠦ ᠤᠯᠤᠰ ᠤᠨ ᠤᠷᠤᠯᠳᠤᠭᠠᠨ ᠳᠤ ᠣᠷᠣᠯᠴᠠᠬᠤ ᠪᠣᠯᠤᠨ᠎ᠠ︔ ᠥᠪᠥᠷ | ᠮᠣᠩᠭᠤᠯ ᠤᠨ ᠵᠥᠩ ᠺᠧ ᠬᠤᠩ ᠲᠧ ᠳᠡᠭᠡᠳᠦ ᠰᠢᠨ᠎ᠡ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠥᠪᠥᠷ | ᠮᠣᠩᠭᠤᠯ ᠤᠨ ᠵᠥᠩ ᠺᠧ ᠯᠠᠨᠲ᠋ᠠᠨ ᠤ ᠼᠧᠷᠢ ᠶᠢᠨ ᠬᠤᠪᠣᠷ ᠰᠢᠷᠣᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠵᠡᠷᠭᠡ 3 ᠠᠵᠤ ᠠᠬᠤᠶᠢᠯᠠᠯ ᠠᠩᠬ᠎ᠠ ᠡᠭᠦᠳᠦᠯᠲᠡ ᠶᠢᠨ ᠠᠵᠤ ᠠᠬᠤᠶᠢᠯᠠᠯ ᠤᠨ | ᠳᠤᠭᠤᠶᠢᠯᠠᠩ ᠤᠨ ᠪᠥᠬᠦ ᠤᠯᠤᠰ ᠤᠨ ᠤᠷᠤᠯᠳᠤᠭᠠᠨ ᠳᠤ ᠣᠷᠣᠯᠴᠠᠬᠤ ᠪᠣᠯᠤᠨ᠎ᠠ᠃ | | | | |