︽ᠥᠩᠭᠡ ᠦᠵᠡᠮᠵᠢ ᠤᠰᠤᠲᠥ᠋ᠷᠥᠭᠴᠢ ᠶᠢ ᠬᠠᠳᠠᠭᠠᠯᠠᠵᠤ ᠬᠡᠷᠡᠭᠯᠡᠬᠦ︾ ᠶᠢ ᠨᠢᠭᠡ ᠴᠣᠭᠴᠠᠵᠢᠭᠤᠯᠤᠭᠰᠠᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2024/9/18
    9 ᠰᠠᠷ᠎ᠠ ᠶᠢᠨ 13 ᠤ ᠡᠳᠦᠷ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠥᠪᠥᠷ ᠮᠣᠩᠭᠤᠯ ᠤᠨ ᠬᠤᠸᠠ ᠳ᠋ᠢᠶᠠᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠨᠾᠦ᠋ᠢ ᠮᠢᠩ ᠲᠢᠶᠠᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠬᠤ ᠶᠣᠰᠣᠯᠠᠯ ᠬᠤᠲᠠ ᠶᠢᠨ ᠵᠠᠰᠠᠭ ᠤᠨ ᠣᠷᠳᠣᠨ ᠳᠤ ᠶᠠᠪᠤᠭᠳᠠᠪᠠ᠃     ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯᠴᠡᠭᠡᠷ ᠢ ᠥᠪᠥᠷ ᠮᠣᠩᠭᠤᠯ ᠤᠨ ᠬᠤᠸᠠ ᠳ᠋ᠢᠶᠠᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠨᠾᠦ᠋ᠢ ᠶᠢᠨ ᠮᠢᠩ ᠲᠢᠶᠠᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ︽ᠥᠩᠭᠡ ᠦᠵᠡᠮᠵᠢ ᠤᠰᠤᠲᠥ᠋ᠷᠥᠭᠴᠢ ᠶᠢ ᠨᠥᠭᠡᠴᠡᠯᠡᠨ ᠬᠡᠷᠡᠭᠯᠡᠬᠦ︾ ᠶᠢ ᠨᠢᠭᠡ ᠴᠤᠭᠴᠠᠵᠢᠭᠤᠯᠤᠭᠰᠠᠨ ᠭᠤᠷᠪᠠᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠠᠨᠾᠦ᠋ᠢ ᠶᠢᠨ ᠮᠢᠩ ᠲᠢᠶᠠᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ︽ᠥᠩᠭᠡ ᠦᠵᠡᠮᠵᠢ ᠤᠰᠤᠲᠥ᠋ᠷᠥᠭᠴᠢ ᠶᠢ ᠨᠥᠭᠡᠴᠡᠯᠡᠨ ᠬᠡᠷᠡᠭᠯᠡᠬᠦ︾ ᠶᠢ ᠨᠢᠭᠡ ᠴᠣᠭᠴᠠᠵᠢᠭᠤᠯᠤᠭᠰᠠᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠶ᠋ᠯ ᠤᠨ ᠪᠠᠯᠠ ᠣᠷᠣᠭᠤᠯᠤᠯᠲᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠭᠤᠤᠯᠳᠠᠭᠤ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠶᠢ ᠰᠤᠳᠤᠯᠤᠨ ᠦᠢᠯᠡᠳᠬᠦ᠂ ᠰᠢᠲᠠᠭᠠᠯᠭ᠎ᠠ ᠶᠢᠨ ᠳ᠋ᠢᠶᠠᠨ ᡂᠢ ᠦᠢᠯᠡᠳᠬᠦ᠂ ᠬᠡᠷᠡᠭᠯᠡᠬᠦ ᠦᠵᠡᠭᠳᠡᠯ ᠢ ᠬᠡᠷᠡᠭᠯᠡᠬᠦ ᠵᠢᠴᠢ ᠤᠰᠤᠲᠥ᠋ᠷᠥᠭᠴᠢ ᠡᠨᠧᠷᠭᠢ ᠶᠢᠨ ᠪᠥᠬᠦ ᠠᠵᠤ  ᠦᠢᠯᠡᠰ ᠤᠨ ᠬᠡᠯᠬᠢᠶ᠎ᠡ ᠳᠤ ᠬᠤᠯᠪᠣᠭᠳᠠᠬᠤ ︽ᠦᠢᠯᠡᠳᠬᠦ - ᠬᠠᠳᠠᠭᠠᠯᠠᠬᠤ - ᠨᠡᠮᠡᠬᠦ - ᠬᠡᠷᠡᠭᠯᠡᠬᠦ︾ ᠵᠡᠷᠭᠡ ᠬᠠᠮᠢᠶ᠎ᠠ ᠪᠥᠬᠦᠶ ᠭᠤᠭᠴᠤᠭ᠎ᠠ ᠪᠠᠭᠲᠠᠨ᠎ᠠ᠃ ᠬᠤᠸᠠ ᠳ᠋ᠢᠶᠠᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠨᠢ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠥᠬᠦ ᠬᠥᠷᠥᠩᠭᠡ ᠶᠢᠨ ᠬᠤᠪᠢᠶᠠᠷᠢ ᠺᠣᠮᠫᠠᠨᠢ ᠪᠣᠯᠤᠭᠰᠠᠨ ᠤ ᠬᠤᠪᠢ ᠳᠤ᠂ ᠪᠥᠬᠦ ᠤᠯᠤᠰ ᠤᠨ ᠠᠩᠬᠠᠳᠠᠭᠴᠢ ᠪᠦᠯᠦᠭ ᠳᠠᠬᠢᠨ ᠡᠭᠦᠰᠴᠦ ᠪᠣᠯᠬᠤ ᠡᠨᠧᠷᠭᠢ ᠪᠠᠷ ᠤᠰᠤᠲᠥ᠋ᠷᠥᠭᠴᠢ ᠶᠢ  ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠶ᠋ᠯ ᠪᠠ ᠴᠠᠬᠢᠯᠭᠠᠨ ᠬᠡᠷᠡᠭᠯᠡᠬᠦ᠂ ᠤᠰᠤᠲᠥ᠋ᠷᠥᠭᠴᠢ ᠦᠢᠯᠡᠳᠬᠦ ᠵᠢᠴᠢ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠵᠥᠭᠡᠭᠡᠪᠦᠷᠢᠯᠡᠬᠦ ᠵᠢᠴᠢ ᠤᠰᠤᠲᠥ᠋ᠷᠥᠭᠴᠢ ᠶᠢ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠥᠩᠭᠡ ᠦᠵᠡᠮᠵᠢ ᠶᠢᠨ ᠨᠣᠭᠤᠭᠠᠨ ᠤᠰᠤᠲᠥ᠋ᠷᠥᠭᠴᠢ ᠶᠢᠨ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠢᠨᠵᠧᠨᠧᠷᠢᠩ ᠢ ᠴᠢᠷᠮᠠᠶᠢᠨ ᠪᠠᠶᠢᠭᠤᠯᠤᠨ᠎ᠠ᠃ ᠺᠣᠮᠫᠠᠨᠢ ᠠᠴᠠ ᠪᠤᠭᠤᠲᠤ ᠬᠤᠳᠠ ᠪᠣᠯᠤᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ︽ᠥᠩᠭᠡ ᠦᠵᠡᠮᠵᠢ ᠤᠰᠤᠲᠥ᠋ᠷᠥᠭᠴᠢ ᠶᠢ ᠨᠥᠭᠡᠴᠡᠯᠡᠨ ᠬᠡᠷᠡᠭᠯᠡᠬᠦ︾ ᠶᠢ ᠨᠢᠭᠡ ᠴᠤᠬᠴᠠᠵᠢᠭᠤᠯᠤᠬᠰᠠᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠬᠡᠷᠡᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠨᠾᠦ᠋ᠢ ᠮᠢᠩ ᠲᠢᠶᠠᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ  ᠰᠢᠲᠠᠭᠠᠯᠭ᠎ᠠ ᠶᠢᠨ ᠳ᠋ᠢᠶᠠᠨ ᡂᠢ ᠶᠢᠨ ᠬᠦᠷᠢᠶᠡᠨ ᠳᠠᠬᠢ ᠴᠣᠷ ᠤᠨ ᠭᠠᠭᠴᠠ ᠢ ᠪᠤᠤ ᠯᠢᠶᠠᠨ ᠠᠺᠠᠳᠧᠮᠢᠴᠢ ᠶᠢᠨ ᠠᠵᠢᠯᠯᠠᠬᠤ ᠥᠷᠲᠡᠭᠡ ᠳᠤ ᠤᠯᠤᠰ ᠤᠨ ᠳᠣᠲᠣᠭᠠᠳᠤ ᠶᠢᠨ ᠠᠩᠬᠠᠳᠠᠭᠴᠢ ᠲᠦᠮᠡᠨ ᠢᠵᠢ ᠳᠡᠰ ᠤᠨ  ᠲᠦᠯᠡᠰᠢ ᠶᠢᠨ ᠳ᠋ᠢᠶᠠᠨ ᡂᠢ ᠣᠶᠤᠨᠴᠢᠯᠠᠭᠰᠠᠨ ᠦᠢᠯᠡᠳᠪᠦᠷᠢᠯᠡᠯ ᠤᠨ ᠱᠤᠭᠤᠮ ᠢ ᠪᠠᠢᠭᠤᠯᠵᠠᠢ᠃ ᠺᠣᠮᠫᠠᠨᠢ ᠨᠢ ᠪᠦᠷᠬᠦᠪᠴᠢ ᠶᠢᠨ ᠴᠠᠬᠢᠯᠭᠠᠨ ᠲᠦᠢᠯ ᠂ ᠬᠤᠣᠰ ᠲᠦᠯᠲᠤ ᠬᠠᠪᠲᠠᠰᠤ᠂ ᠴᠠᠬᠢᠯᠭᠠᠨ ᠤ ᠵᠤᠤᠬ᠎ᠠ ᠵᠢᠴᠢ ᠰᠢᠰᠲ᠋ᠧᠮ ᠤᠨ ᠪᠡᠶ᠎ᠡ ᠪᠠᠨ ᠳᠠᠭᠠᠭᠠᠭᠰᠠᠨ ᠭᠤᠣᠯ ᠮᠡᠷᠭᠡᠵᠢᠯ ᠢ ᠡᠵᠡᠮᠰᠢᠵᠦ᠂ ᠲᠡᠭᠦᠨ ᠢ ᠵᠠᠮ ᠬᠠᠷᠢᠯᠴᠠᠭ᠎ᠠ᠂ ᠠᠵᠤ ᠦᠢᠯᠡᠳᠪᠦᠷᠢ᠂ ᠴᠠᠬᠢᠯᠭᠠᠨ ᠭᠠᠷᠭᠠᠬᠤ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠪᠡ᠃ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠪᠠ ᠰᠢᠲᠠᠭᠠᠯᠭ᠎ᠠ ᠶᠢᠨ ᠳ᠋ᠢᠶᠠᠨ ᡂᠢ ᠶᠢᠨ ᠲᠠᠯ᠎ᠠ ᠪᠠᠷ᠂ ᠦᠢᠯᠡᠳᠬᠦᠨ ᠤ ᠴᠢᠳᠠᠮᠵᠢ ᠪᠠ ᠠᠵᠤ ᠦᠢᠯᠡᠰᠵᠢᠯᠲᠡ ᠶᠢᠨ ᠴᠢᠳᠠᠪᠤᠷᠢ ᠨᠢ ᠴᠥᠮ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠰᠡᠨ ᠪᠠᠶᠢᠨ᠎ᠠ᠃ ᠲᠣᠰ ᠤᠳᠠᠭᠠᠨ ᠤ ︽ᠥᠩᠭᠡ ᠦᠵᠡᠮᠵᠢ ᠤᠰᠤᠲᠥ᠋ᠷᠥᠭᠴᠢ ᠶᠢ ᠨᠥᠭᠡᠴᠡᠯᠡᠨ ᠬᠡᠷᠡᠭᠯᠡᠬᠦ︾ ᠶᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ ᠤᠨ ᠭᠡᠷ᠎ᠡ ᠲᠣᠭᠲᠠᠬᠤ ᠨᠢ ᠴᠡᠪᠡᠷ ᠡᠨᠧᠷᠭᠢ ᠶᠢ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠪᠤᠭᠤᠲᠤ ᠬᠤᠲᠠ ᠪᠠ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号