ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠪᠦᠲᠦᠭᠡᠵᠦ ᠳᠠᠭᠤᠰᠬᠠᠬᠤ ︾  ᠶᠢ ᠦᠨᠳᠦᠰᠦᠨ ᠱᠠᠲᠤᠨ ᠳᠤ ᠬᠦᠷᠲᠡᠯ᠎ᠡ  ᠭᠦᠨᠵᠡᠭᠡᠶᠢᠷᠡᠭᠦᠯᠪᠡ
ᠨᠡᠶᠢᠲᠡᠯᠡᠭᠰᠡᠨ ᠴᠠᠭ᠄
2024/9/20
    ︽ᠣᠶᠢᠷ᠎ᠠ ᠬᠠᠪᠢ ᠳᠠᠭᠠᠨ ᠬᠢᠵᠦ ᠳᠡᠶᠢᠯᠬᠦ᠂ ᠳᠤᠲᠠᠭᠤ ᠭᠦᠶᠦᠵᠦ ᠲᠦᠷᠭᠡᠨ ᠭᠦᠢᠴᠡᠳᠬᠡᠬᠦ︾ ᠪᠣᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠥᠭᠡᠭᠡᠴᠡᠯᠳᠦᠬᠦ ᠬᠠᠷᠠᠯᠲᠠ ᠮᠥᠨ᠃ ᠣᠶᠢᠷ᠎ᠠ ᠳᠤ᠂ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠪᠥᠬᠦ ᠬᠤᠲᠠ ᠳᠤ ᠤᠷᠢᠳᠠᠪᠠᠷ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠪᠦᠲᠦᠭᠡᠵᠦ ᠳᠠᠭᠤᠰᠬᠠᠬᠤ︾ ᠶᠢ ᠦᠨᠳᠦᠰᠦᠨ ᠱᠠᠲᠤᠨ ᠳᠤ ᠬᠦᠷᠲᠡᠯ᠎ᠡ ᠤᠷᠲᠤᠳᠬᠠᠪᠠ᠃ ᠣᠳᠣᠬᠠᠨ ᠳᠤ ᠮᠢᠨ ᠰᠢᠨ ᠵᠠᠮ ᠤᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠲᠥᠪ ᠲᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠪᠦᠲᠦᠭᠡᠵᠦ ᠥᠭᠬᠦ︾ ᠴᠣᠩᠬᠤᠪᠴᠢ ᠭᠠᠷᠭᠠᠵᠤ᠂ ᠵᠡᠮᠳᠡᠭᠴᠦᠳ ᠤᠨ  ᠦᠢᠯᠡᠴᠢᠯᠡᠭᠡ᠂ ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ᠂ ᠢᠳᠡᠭᠡᠨ ᠤᠮᠳᠠᠭᠠᠨ᠂ ᠢᠲᠡᠭᠡᠮᠵᠢ ᠶᠢ ᠰᠡᠷᠭᠦᠭᠡᠬᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠠᠵᠤ ᠠᠬᠤᠶᠢᠯᠠᠯ ᠤᠨ ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠵᠡᠷᠭᠡ 6 ᠲᠥᠷᠥᠯ ᠤᠨ ᠪᠣᠳᠠᠲᠠᠶ ᠠᠵᠢᠯ ᠢ  ᠭᠦᠢᠴᠡᠳᠭᠡᠵᠦ᠂ ᠵᠡᠮᠳᠡᠭᠴᠦᠳ ᠤᠨ ᠬᠤᠯᠪᠣᠭ᠎ᠠ᠂ ᠨᠡᠶᠢᠭᠡᠮ ᠤᠨ ᠪᠠᠲᠤᠯᠠᠭ᠎ᠠ᠂ ᠠᠵᠤ ᠠᠬᠤᠶ᠂ ᠠᠵᠤ  ᠦᠢᠯᠡᠳᠪᠦᠷᠢ ᠬᠤᠳᠠᠯᠳᠤᠭ᠎ᠠ᠂ ᠰᠤᠷᠭᠠᠨ ᠬᠥᠮᠦᠵᠢᠯ᠂ ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠡᠷᠭᠡ 10 ᠰᠠᠯᠠᠭ᠎ᠠ ᠮᠥᠴᠢᠷ᠂ 29 ᠵᠠᠰᠠᠭ ᠤᠨ ᠶᠠᠪᠤᠳᠠᠯ ᠤᠨ  ᠦᠢᠯᠡᠴᠢᠯᠡᠭᠡᠨ ᠳᠤ ᠬᠤᠯᠪᠣᠭᠳᠠᠵᠠᠶ᠃    ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠪᠦᠲᠦᠭᠡᠵᠦ ᠳᠠᠭᠤᠰᠬᠠᠬᠤ︾ ᠨᠢ ᠠᠳᠠᠯᠢ ᠪᠤᠰᠤ ᠬᠦᠷᠢᠶᠡᠨ ᠳᠤ ᠬᠠᠷᠢᠶᠠᠯᠠᠭᠳᠠᠵᠤ᠂ ᠠᠳᠠᠯᠢ ᠪᠤᠰᠤ ᠰᠠᠯᠠᠭ᠎ᠠ ᠮᠥᠴᠢᠷ ᠲᠤ ᠬᠤᠯᠪᠣᠭᠳᠠᠬᠤ ᠵᠦᠢᠯᠡᠰ ᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠭᠤᠰᠤᠯᠴᠠᠭᠤᠯᠬᠤ ᠪᠣᠯᠤᠨ᠎ᠠ᠃ ᠠᠵᠢᠯ ᠶᠠᠪᠤᠳᠠᠯ  ᠭᠦᠢᠴᠡᠳᠭᠡᠬᠦ ᠳᠤ ᠪᠠᠶᠢᠭ᠎ᠠ ᠠᠵᠤ ᠠᠬᠤᠶᠢᠯᠠᠯ ᠪᠣᠯᠤᠨ ᠣᠯᠠᠨ ᠲᠦᠮᠡᠨ ᠵᠥᠪᠬᠡᠨ ᠮᠥᠩᠬᠡ ᠰᠤᠪᠠᠭ ᠤᠨ APP᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠴᠣᠩᠬᠤᠪᠴᠢ ᠵᠡᠷᠭᠡ ᠠᠷᠭ᠎ᠠ ᠵᠠᠮ ᠢᠶᠠᠷ ᠭᠤᠶᠤᠴᠢᠯᠠᠨ  ᠭᠦᠢᠴᠡᠳᠭᠡᠬᠦ ᠴᠢᠬᠤᠯᠠᠲᠠᠶ ᠪᠠᠶᠢᠵᠤ᠂ ᠣᠯᠠᠨ  ᠵᠦᠢᠯᠡᠰ ᠢ ᠨᠢᠭᠡ ᠤᠳᠠᠭ᠎ᠠ ᠭᠤᠶᠤᠴᠢᠯᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠡᠭᠡᠨ ᠣᠯᠠᠨ ᠰᠠᠯᠠᠭ᠎ᠠ ᠮᠥᠴᠢᠷ ᠤᠨ ᠬᠤᠭᠤᠷᠣᠨᠳᠣ ᠪᠠᠨ ᠨᠠᠰᠢ ᠴᠠᠰᠢ ᠰᠦᠯᠵᠢᠯᠳᠦᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ︽ᠲᠤᠭ᠎ᠠ ᠪᠠᠷᠢᠮᠲᠠ ᠶᠢ ᠢᠯᠡᠭᠦᠤ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠪᠡ᠃    ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠨᠠᠩ ᠣᠶᠢᠷ᠎ᠠ᠂ ᠨᠠᠩ ᠴᠥᠭᠡᠨ᠂ ᠨᠠᠩ ᠲᠦᠷᠭᠡᠨ︾ ᠢᠶᠠᠷ ᠬᠠᠷᠠᠯᠲᠠ ᠪᠣᠯᠭᠠᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠪᠦᠲᠦᠭᠡᠵᠦ ᠳᠠᠭᠤᠰᠬᠠᠬᠤ︾ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ  ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号