ᠤᠯᠠᠭᠠᠨ ᠲᠤᠭ ᠨᠡᠶᠢᠭᠡᠮ ᠲᠣᠭᠤᠷᠢᠭ ︽ᠠᠯᠪᠠᠨ ᠵᠢᠷᠤᠮ ᠤᠨ ᠡᠮᠴᠢᠯᠡᠭᠡ ᠪᠠᠷ ᠰᠡᠳᠬᠢᠯ ᠢ ᠳᠤᠯᠠᠭᠠᠴᠠᠭᠤᠯᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠬᠦᠷᠭᠡᠬᠦ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/20
    ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠦᠵᠡᠯᠲᠡ ᠶᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠩ ᠰᠠᠶᠢᠲᠤᠷ ᠦᠢᠯᠡᠴᠢᠯᠡᠬᠦ ᠶᠢᠨ ᠲᠥᠯᠥᠭᠡ᠂ ᠡᠨᠡ ᠬᠦ ᠲᠣᠭᠤᠷᠢᠭ ᠪᠣᠯᠤᠨ ᠬᠠᠶᠢᠷ᠎ᠠ ᠰᠡᠳᠬᠢᠯᠭᠡ ᠰᠣᠯᠪᠢᠴᠠᠭᠰᠠᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠲᠤ᠂ ᠬᠤᠩ ᠴᠢ ᠨᠡᠶᠢᠭᠡᠮ ᠲᠣᠭᠤᠷᠢᠭ ᠪᠤᠭᠤᠲᠤ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠲᠤ ︽ᠠᠯᠪᠠᠨ ᠵᠢᠷᠤᠮ ᠤᠨ ᠡᠮᠴᠢᠯᠡᠭᠡᠨ ᠤ ᠰᠡᠳᠬᠢᠯ ᠢ ᠳᠤᠯᠠᠭᠠᠴᠠᠭᠤᠯᠵᠤ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠰᠦᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠯᠠᠪᠯᠠᠭ᠎ᠠ᠂ ᠪᠡᠶ᠎ᠡ ᠶᠢᠨ ᠪᠠᠶᠢᠴᠠᠭᠠᠯᠲᠠ ᠪᠠ ᠣᠨᠣᠰᠢᠯᠠᠨ ᠡᠮᠨᠡᠬᠦ  ᠦᠢᠯᠡᠴᠢᠯᠡᠭᠡ ᠬᠠᠩᠭᠠᠪᠠ᠃     ᠠᠯᠪᠠᠨ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠠᠶ ᠳᠤ᠂ ᠲᠤᠰᠬᠠᠶ ᠮᠡᠷᠭᠡᠵᠢᠯᠲᠡᠳ ᠠᠰᠠᠭᠤᠨ ᠯᠠᠪᠯᠠᠬᠤ ᠪᠠᠷ ᠢᠷᠡᠭᠰᠡᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠤ᠂ ᠲᠡᠳᠡᠨ ᠤ ᠡᠪᠡᠳᠴᠢᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠤᠰᠬᠠᠶ ᠮᠡᠷᠭᠡᠵᠢᠯ ᠤᠨ ᠪᠠᠶᠢᠴᠠᠭᠠᠨ ᠣᠨᠣᠰᠢᠯᠠᠯᠲᠠ ᠬᠢᠬᠦ ᠶᠢᠨ ᠬᠠᠮᠲᠤ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠡᠮᠨᠡᠨ ᠵᠠᠰᠠᠬᠤ ᠰᠠᠨᠠᠭᠤᠯᠭ᠎ᠠ ᠪᠠ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠬᠦ ᠶᠢᠨ ᠬᠠᠮᠲᠤ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠴᠢᠰᠤᠨ ᠳᠠᠷᠤᠯᠲᠠ ᠥᠨᠳᠥᠷ᠂ ᠴᠢᠰᠤᠨ ᠥᠭᠡᠬᠦ ᠥᠨᠳᠥᠷ᠂ ᠴᠢᠰᠤᠨ ᠰᠢᠬᠢᠷ ᠥᠨᠳᠥᠷ ᠵᠡᠷᠭᠡ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠨ ᠥᠭᠴᠦ᠂ ᠲᠡᠳᠡ ᠨᠠᠷᠢᠨ ᠨᠢᠮᠪᠠᠶ ᠡᠮᠴᠢᠯᠡᠭᠡᠨ ᠤ ᠮᠡᠷᠭᠡᠵᠢᠯ ᠪᠠ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠶᠢ ᠡᠪᠦᠷᠯᠡᠨ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠬᠡᠷ ᠤᠨ ᠡᠭᠦᠳᠡᠨ ᠳᠤ ᠪᠠᠨ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠦᠷᠲᠡᠭᠡᠪᠡ᠃     ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠳᠥᠭᠦᠮ ᠳᠥᠲᠡ᠂ ᠥᠨᠳᠥᠷ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠡᠮᠴᠢ ᠪᠣᠯᠤᠨ ᠡᠪᠡᠳᠴᠢᠲᠡᠨ ᠤ ᠬᠤᠭᠤᠷᠣᠨᠳᠣ ᠨᠡᠪᠲᠡᠷᠡᠯᠴᠡᠬᠦ ᠬᠥᠭᠦᠷᠭᠡ ᠶᠢ ᠪᠠᠶᠢᠭᠤᠯᠵᠤ᠂ ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠲᠣᠰ ᠪᠡᠶ᠎ᠡ ᠶᠢᠨ ᠡᠷᠡᠭᠦᠯ ᠮᠡᠨᠳᠦ ᠶᠢᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠪᠦᠯᠬᠦᠮᠳᠡᠯ᠂ ᠨᠥᠬᠦᠷᠰᠡᠭ ᠪᠠ ᠬᠠᠷᠢᠯᠴᠠᠨ ᠬᠠᠪᠰᠤᠷᠤᠯᠴᠠᠬᠤ ᠦᠨᠳᠦᠰᠦᠲᠡᠨ ᠤ ᠵᠣᠷᠢᠭ ᠰᠠᠨᠠᠭ᠎ᠠ ᠶᠢ ᠢᠯᠡᠷᠡᠭᠦᠯᠵᠦ᠂ ᠰᠠᠭᠤᠭᠠᠯᠢ ᠠᠷᠠᠳ ᠲᠤ ᠬᠠᠶᠢᠷ᠎ᠠ ᠬᠠᠯᠠᠮᠵᠢ ᠶᠢ ᠭᠦᠢᠴᠡᠳ ᠮᠡᠳᠡᠷᠡᠭᠦᠯᠪᠡ᠃    ᠲᠠᠷᠠᠭᠠᠴᠢ ᠶᠢᠨ ᠠᠯᠬᠤᠮ ᠳᠤ᠂ ᠬᠤᠩ ᠴᠢ ᠨᠡᠶᠢᠭᠡᠮ ᠲᠣᠭᠤᠷᠢᠭ ᠨᠠᠩ ᠣᠯᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠵᠢᠴᠢ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠥᠷᠨᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠢ ᠤᠯᠠᠮᠵᠢᠯᠠᠨ ᠰᠠᠨᠠᠭᠠᠴᠢᠯᠠᠵᠤ᠂ ᠣᠯᠠᠨ ᠨᠡᠶᠢᠲᠡ ᠶᠢᠨ ᠡᠪᠡᠳᠴᠢᠨ ᠡᠮᠭᠡᠭ ᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠵᠤ᠂ ᠰᠠᠭᠤᠭᠠᠯᠢ ᠠᠷᠠᠳ ᠲᠤ  ᠦᠢᠯᠡᠴᠢᠯᠡᠬᠦ᠂ ᠬᠠᠶᠢᠷ᠎ᠠ ᠬᠠᠯᠠᠮᠵᠢ ᠬᠦᠷᠭᠡᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠠᠩ ᠰᠠᠶᠢᠲᠤᠷ ᠬᠠᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠤᠯᠠᠨ ᠪᠤᠯᠠᠭ ᠪᠠᠯᠭᠠᠰᠤᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号