︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠤᠬᠠᠢ ᠪᠤᠳᠤᠯᠭ᠎ᠠ ᠶᠢᠨ ᠠᠷᠭ᠎ᠠ ︾ ᠶᠢ ᠰᠦᠯᠵᠢᠶᠡᠨ ᠳᠤ ᠭᠠᠷᠭᠠᠪᠠ
ᠨᠡᠶᠢᠲᠡᠯᠡᠭᠰᠡᠨ ᠴᠠᠭ᠄
2024/9/23
    ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ︽ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠬᠦ ᠲᠤᠬᠠᠢ ᠲᠣᠭᠲᠠᠭᠠᠯ︾ ᠢ ᠪᠠᠲᠤᠯᠠᠪᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠦᠯᠵᠢᠶ᠎ᠡ᠂ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠪᠥᠬᠦ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠡᠯᠧᠺᠳ᠋ᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ᠭᠠᠷ ᠤᠳᠠᠰᠤᠨ ᠤ 12333 App ᠵᠡᠷᠭᠡ ᠰᠦᠯᠵᠢᠶᠡᠨ ᠳᠡᠭᠡᠷᠡᠬᠢ ᠠᠰᠠᠭᠤᠨ ᠯᠠᠪᠯᠠᠬᠤ ᠦᠢᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ᠂ ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠤᠬᠠᠢ ᠪᠤᠳᠤᠯᠭ᠎ᠠ ᠶᠢᠨ ᠠᠷᠭ᠎ᠠ︾ ᠶᠢᠨ ᠵᠢᠵᠢᠭ ᠫᠷᠤᠭ᠍ᠷᠠᠮ ᠳᠤ ᠤᠷᠤᠵᠤ᠂ ᠲᠣᠰ ᠬᠥᠮᠦᠨ ᠤ ᠮᠡᠳᠡᠭᠡ ᠵᠠᠩᠭᠢ ᠪᠠᠨ ᠪᠢᠴᠢᠵᠦ ᠣᠷᠣᠭᠤᠯᠪᠠᠯ ᠳᠠᠷᠤᠶ ᠠᠰᠠᠭᠤᠨ ᠯᠠᠪᠯᠠᠵᠤ ᠪᠣᠯᠤᠨ᠎ᠠ᠃ ᠪᠠᠰᠠ 12333 ᠠᠰᠠᠭᠤᠨ ᠯᠠᠪᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠲᠠᠰᠤᠳᠠᠵᠤ᠂ ᠨᠡᠶᠢᠭᠡᠮ ᠤᠨ ᠳᠠᠭᠠᠳᠬᠠᠯ ᠤᠨ ᠭᠠᠷᠲᠠᠨ ᠬᠦᠢᠴᠡᠳᠬᠡᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠴᠤᠩᠬᠤᠪᠴᠢ ᠵᠡᠷᠭᠡ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠲᠣᠰ ᠬᠥᠮᠦᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠰᠠᠭᠤᠨ ᠯᠠᠪᠯᠠᠵᠤ ᠪᠣᠯᠤᠨ᠎ᠠ᠃  
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号