ᠡᠨᠡ 7 ᠡᠳᠦᠷ ᠰᠦᠢᠳᠭᠡᠯ ᠬᠤᠷᠢᠶᠠᠬᠤ ᠦᠭᠡᠢ︕ ᠪᠢᠯᠧᠲ ᠪᠤᠯᠢᠶᠠᠯᠳᠤᠨ ᠠᠪᠬᠤ ᠡᠳᠦᠷ ᠬᠤᠭᠤᠴᠠᠭ᠎ᠠ ᠪᠤᠯ ᠁
ᠨᠡᠶᠢᠲᠡᠯᠡᠭᠰᠡᠨ ᠴᠠᠭ᠄
2024/9/23
     ᠨᠠᠢᠮᠠᠨ ᠰᠠᠷ᠎ᠠ ᠶᠢᠨ ᠲᠡᠷᠭᠡᠯ ᠪᠠᠶᠠᠷ      9 ᠰᠠᠷ᠎ᠠ ᠶᠢᠨ 15 ᠤ ᠡᠳᠦᠷ ᠠᠴᠠ 9 ᠰᠠᠷ᠎ᠠ ᠶᠢᠨ 17 ᠤ ᠡᠳᠦᠷ ᠪᠣᠯᠲᠠᠯ᠎ᠠ ᠨᠡᠶᠢᠳᠡ 3 ᠡᠳᠦᠷ ᠠᠮᠠᠷᠠᠵᠦ᠂ 9 ᠰᠠᠷ᠎ᠠ ᠶᠢᠨ 14 ᠤ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃     ︽ᠵᠠᠮ ᠲᠡᠭᠡᠭᠡᠪᠦᠷᠢ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠴᠢᠬᠤᠯᠠ ᠶᠡᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠲᠤ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠠᠴᠠ ᠨᠡᠪᠲᠡᠷᠡᠬᠦ ᠰᠦᠢᠳᠬᠡᠯ ᠥᠯᠥ ᠬᠤᠷᠢᠶᠠᠬᠤ ᠲᠤᠬᠠᠶ ᠬᠡᠷᠡᠭᠵᠢᠭᠦᠯᠬᠦ ᠲᠥᠰᠦᠯ ᠢ ᠴᠤᠬᠤᠯᠠᠪᠤᠷᠢᠯᠠᠨ ᠲᠠᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠢ ᠦᠨᠳᠦᠰᠦᠯᠡᠪᠡᠯ᠂ ᠬᠤᠷᠳᠤᠨ ᠤ ᠵᠠᠰᠠᠮᠠᠯ ᠵᠠᠮ ᠤᠨ ᠰᠦᠢᠳᠬᠡᠯ ᠥᠯᠥ ᠬᠤᠷᠢᠶᠠᠬᠤ ᠴᠠᠭ ᠬᠤᠭᠤᠴᠠᠭ᠎ᠠ ᠪᠤᠯ ᠴᠠᠭᠠᠨ ᠰᠠᠷ᠎ᠠ᠂ ᠬᠠᠩᠰᠢ ᠶᠢᠨ ᠡᠳᠦᠷ᠂ ᠬᠥᠳᠡᠯᠮᠦᠷᠢᠴᠢᠳ ᠤᠨ ᠪᠠᠶᠠᠷ᠂ ᠤᠯᠤᠰ ᠤᠨ ᠪᠠᠶᠠᠷ ᠵᠡᠷᠭᠡ ᠤᠯᠤᠰ ᠤᠨ ᠬᠠᠤᠯᠢ ᠪᠠᠷ ᠲᠣᠭᠲᠠᠭᠠᠭᠰᠠᠨ ᠳᠥᠷᠪᠡᠨ ᠪᠠᠶᠠᠷ ᠳᠤᠷᠠᠰᠬᠠᠯ ᠤᠨ ᠡᠳᠦᠷ ᠪᠣᠯᠤᠨ᠎ᠠ᠂ ᠡᠶᠢᠮᠦ ᠠᠴᠠ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠤ ᠬᠤᠷᠳᠤᠨ ᠤ ᠵᠠᠰᠠᠮᠠᠯ ᠵᠠᠮ ᠨᠢ ᠰᠦᠢᠳᠬᠡᠯ ᠬᠤᠷᠢᠶᠠᠨ᠎ᠠ ᠰᠢᠦ︕     ᠤᠯᠤᠰ ᠤᠨ ᠪᠠᠶᠠᠷ    10 ᠰᠠᠷ᠎ᠠ ᠶᠢᠨ 1 ᠤ ᠡᠳᠦᠷ ᠠᠴᠠ 10 ᠰᠠᠷ᠎ᠠ ᠶᠢᠨ 7 ᠤ ᠡᠳᠦᠷ ᠪᠣᠯᠲᠠᠯ᠎ᠠ ᠨᠡᠶᠢᠲᠡ 7 ᠡᠳᠦᠷ ᠠᠮᠠᠷᠠᠵᠦ᠂ 9 ᠰᠠᠷ᠎ᠠ ᠶᠢᠨ 29 ᠤ ᠡᠳᠦᠷ ︵ᠭᠠᠷᠠᠭ ᠤᠨ ᠡᠳᠦᠷ︶᠂ 10 ᠰᠠᠷ᠎ᠠ ᠶᠢᠨ 12 ᠤᠨ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃ ᠤᠯᠤᠰ ᠤᠨ ᠪᠠᠶᠠᠷ ᠤᠨ 7 ᠡᠳᠦᠷ ᠤᠨ ᠠᠮᠠᠷᠠᠯᠲᠠ ᠤᠳᠠᠯ ᠦᠭᠡᠢ ᠢᠷᠡᠬᠦ ᠭᠡᠵᠦ ᠪᠠᠶᠢᠨ᠎ᠠ︕    ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠪᠡᠯ ᠂ 2024 ᠣᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠪᠥᠬᠦ ᠤᠯᠤᠰ ᠤᠨ ᠰᠦᠢᠳᠭᠡᠯ ᠬᠤᠷᠢᠶᠠᠳᠠᠭ ᠵᠠᠰᠠᠮᠠᠯ ᠵᠠᠮ ᠤᠨ 7 ᠰᠠᠭᠤᠳᠠᠯ ᠠᠴᠠ ᠳᠣᠷᠣᠭᠰᠢᠬᠢ ︵7 ᠰᠠᠭᠤᠳᠠᠯ ᠪᠠᠭᠲᠠᠨ᠎ᠠ︶ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠠᠴᠠ ᠰᠦᠢᠳᠭᠡᠯ ᠥᠯᠥ ᠬᠤᠷᠢᠶᠠᠬᠤ ᠪᠣᠳᠠᠲᠠᠶ ᠴᠠᠭ ᠨᠢ 10 ᠰᠠᠷ᠎ᠠ ᠶᠢᠨ 1 ᠤ ᠡᠳᠦᠷ ᠤᠨ 00᠄ 00 ᠴᠠᠭ ᠠᠴᠠ ᠡᠬᠢᠯᠡᠵᠦ 10 ᠰᠠᠷ᠎ᠠ ᠶᠢᠨ 7 ᠤ ᠡᠳᠦᠷ ᠤᠨ 24᠄ 00 ᠴᠠᠭ ᠲᠤ ᠲᠠᠭᠤᠰᠤᠨ᠎ᠠ᠃    ᠡᠭᠦᠨ ᠠᠴᠠ ᠭᠠᠳᠠᠨ᠎ᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠭᠠᠯᠲᠤ ᠲᠡᠷᠭᠡᠨ ᠤ ᠪᠢᠯᠧᠲ ᠢ ᠡᠬᠢᠯᠡᠵᠦ ᠬᠤᠳᠠᠯᠳᠤᠬᠤ ᠲᠤᠬᠠᠢ ᠮᠡᠳᠡᠭᠡ ᠴᠤ ᠭᠠᠷᠴᠤ ᠢᠷᠡᠪᠡ᠃ 9 ᠰᠠᠷ᠎ᠠ ᠶᠢᠨ 17 ᠤ ᠡᠳᠦᠷ 10 ᠰᠠᠷ᠎ᠠ ᠶᠢᠨ 1 ᠤ ᠡᠳᠦᠷ ᠤᠨ ᠭᠠᠯᠲᠤ ᠲᠡᠷᠭᠡᠨ ᠤ ᠪᠢᠯᠧᠲ ᠢ ᠬᠤᠳᠠᠯᠳᠤᠨ ᠠᠪᠴᠤ ᠪᠣᠯᠤᠨ᠎ᠠ︕
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号