ᠡᠳᠡᠭᠡᠷ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠢ ᠣᠯᠪᠠᠯ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠰᠠᠭᠤᠳᠬᠠᠯ ᠭᠥᠷᠳᠡᠵᠦ ᠪᠣᠯᠤᠨ᠎ᠠ
ᠨᠡᠶᠢᠲᠡᠯᠡᠭᠰᠡᠨ ᠴᠠᠭ᠄
2024/9/23
     2024 ᠣᠨ ᠳᠤ ᠲᠠ ᠦᠨᠡᠮᠯᠡᠯ ᠰᠢᠯᠭ᠍ᠭᠤᠯᠤᠬᠰᠠᠨ ᠦᠦ︖ ᠬᠡᠷᠪᠡ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠯᠤᠬᠰᠠᠨ ᠳᠤ ᠬᠦᠷᠪᠡᠯ ᠡᠨᠡ ᠵᠣᠭᠤᠰ ᠢ ᠠᠷᠪᠢᠯᠠᠵᠤ ᠪᠣᠯᠤᠨ᠎ᠠ᠃ ᠬᠠᠮᠢᠶ᠎ᠠ ᠪᠥᠬᠦᠶ ᠦᠨᠡᠮᠯᠡᠯ ᠣᠯᠤᠭᠰᠠᠨ ᠲᠤᠬᠠᠶ ᠶᠢᠨ ᠵᠢᠯ ᠳᠡᠭᠡᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ App ᠪᠠᠷ ᠲᠠᠭᠯᠠᠵᠤ ᠮᠡᠳᠡᠭᠦᠯᠪᠡᠯ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠢ ᠭᠥᠷᠳᠡᠵᠦ ᠪᠤᠯᠬᠤ ᠪᠦᠭᠡᠳ 3600 ᠲᠥᠭᠦᠷᠢᠭ ᠤᠨ ᠪᠠᠷᠢᠮᠵᠢᠶ᠎ᠠ ᠪᠠᠷ ᠭᠠᠶᠢᠯᠢ ᠲᠤᠰᠢᠶᠠᠬᠤ ᠠᠴᠠ ᠡᠮᠦᠨᠡᠬᠢ ᠲᠣᠭᠲᠠᠭᠰᠠᠨ ᠲᠣᠭᠠᠨ ᠤ ᠰᠠᠭᠤᠳᠬᠠᠯ ᠤᠨ ᠬᠠᠷᠠᠭᠠᠯᠵᠠᠯ ᠭᠥᠷᠳᠡᠵᠦ ᠪᠤᠯᠤᠨ᠎ᠠ᠃ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠲᠦᠷᠦᠯ ᠵᠦᠢᠯ ᠣᠯᠠᠨ᠂ ᠲᠤᠭ᠎ᠠ ᠬᠡᠮᠵᠢᠶ᠎ᠡ ᠣᠯᠠᠨ ᠪᠣᠯ ᠶᠠᠮᠠᠷ ᠶᠠᠮᠠᠷ ᠰᠠᠭᠤᠳᠬᠠᠯ ᠤᠨ ᠬᠠᠷᠠᠭᠠᠯᠵᠠᠯ ᠭᠥᠷᠳᠡᠵᠦ ᠪᠤᠯᠬᠤ ᠪᠣᠶ︖ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠢ ᠲᠠᠭᠯᠠᠬᠤ ᠦᠶ᠎ᠡ ᠳᠤ ᠰᠢᠰᠲ᠋ᠧᠮ ᠠᠴᠠ ︽︿ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ﹀ ᠲᠤᠳᠤᠷ᠎ᠠ ᠪᠠᠶᠢᠬᠤ ᠦᠭᠡᠢ ᠪᠤᠯ ᠰᠠᠭᠤᠳᠬᠠᠯ ᠭᠥᠷᠳᠡᠵᠦ ᠪᠤᠯᠬᠤ ᠠᠵᠢᠯ ᠮᠡᠷᠭᠡᠵᠢᠯ ᠤᠨ ᠬᠢᠷᠢ ᠬᠡᠮ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠳᠤ ᠬᠠᠷᠢᠶᠠᠯᠠᠭᠳᠠᠬᠤ ᠥᠬᠡᠶ︾ ᠭᠡᠵᠦ ᠰᠠᠨᠠᠭᠤᠯᠤᠨ᠎ᠠ᠃ ᠡᠲᠡᠭᠡᠷ ᠦᠨᠡᠮᠯᠡᠯ ᠪᠠᠶᠢᠪᠠᠯ ᠰᠠᠭᠤᠳᠬᠠᠯ ᠢ ᠭᠥᠷᠳᠡᠵᠦ ᠪᠤᠯᠤᠨ᠎ᠠ᠄ ︽ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ︾ ᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠨᠡᠶᠢᠲᠡᠯᠡᠨ᠎ᠠ᠂ ᠣᠳᠣᠬᠠᠨ ᠤ ᠬᠠᠮᠤᠭ ᠤᠨ ᠰᠢᠨ᠎ᠡ ᠬᠡᠪᠯᠡᠯ ᠪᠤᠯ 2021 ᠣᠨ ᠤ ᠬᠡᠪᠯᠡᠯ ᠪᠣᠯᠤᠨ᠎ᠠ᠂ ᠨᠡᠶᠢᠲᠡ 72 ᠵᠦᠢᠯ ᠤᠨ ᠠᠵᠢᠯ ᠮᠡᠷᠭᠡᠵᠢᠯ ᠤᠨ ᠬᠢᠷᠢ ᠬᠡᠮ ᠪᠣᠶ᠂ ᠡᠭᠦᠨ ᠳᠤ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ 59 ᠵᠦᠢᠯ ᠪᠠᠶᠢᠵᠤ᠂ ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ 13 ᠵᠦᠢᠯ ᠪᠤᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号