ᠡᠨᠡ ᠵᠢᠯ ᠠᠴᠠ ᠨᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠲᠥᠷᠥᠯ ᠬᠤᠪᠢᠶᠠᠨ | ᠣᠨᠴᠠᠭᠠᠶ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ | ᠨᠠᠶᠢᠳᠠᠪᠤᠷᠢᠵᠢᠭᠤᠯᠵᠤ᠂ 782 ᠣᠨᠴᠠ ᠬᠦᠴᠢᠷᠳᠡᠯᠲᠡᠶ ᠬᠥᠮᠦᠰ ᠢ ᠪᠦᠬᠦᠨ ᠢ ᠦᠨᠳᠦᠰᠦᠨ ᠡᠮ ᠡᠮᠨᠡᠯᠭᠡ ᠶᠢᠨ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ︽ᠭᠤᠷᠪᠠᠨ ᠳᠠᠪᠬᠤᠷ | ᠪᠠᠲᠤᠯᠠᠭ᠎ᠠ︾ ᠶᠢᠨ ᠬᠠᠮᠤᠷᠬᠤ ᠬᠡᠪᠴᠢᠶᠡᠨ ᠳᠤ ᠣᠷᠣᠭᠤᠯᠪᠠ᠃ ᠳᠡᠭᠡᠳᠦ ᠰᠢᠨ᠎ᠡ ᠮᠡᠷᠭᠡᠵᠢᠯ ᠤᠨ ᠣᠷᠣᠨ ᠵᠡᠭᠡᠯᠢ | ᠪᠠᠯᠭᠠᠰᠤ ᠨᠡᠶᠢᠭᠡᠮ ᠲᠣᠭᠤᠷᠢᠭ ᠤᠨ ᠨᠠᠷᠢᠯᠢᠭ ᠣᠨᠣᠴᠠᠲᠠᠶ ᠪᠠᠷ ᠵᠢᠭᠰᠠᠭᠠᠨ ᠪᠠᠶᠢᠴᠠᠭᠠᠬᠤ᠂ ᠰᠡᠷᠭᠡᠶᠢᠯᠡᠨ ᠡᠵᠡᠮᠳᠡᠬᠦ | ᠰᠠᠯᠠᠭ᠎ᠠ ᠮᠥᠴᠢᠷ ᠢ ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ | ᠮᠥᠴᠢᠷ ᠢ ᠨᠠᠷᠢᠯᠢᠭ ᠣᠨᠣᠴᠠᠲᠠᠶ ᠪᠠᠷ ᠲᠤᠰᠠᠯᠠᠬᠤ ᠵᠡᠷᠭᠡ ᠠᠷᠭ᠎ᠠ ᠶᠢ ᠠᠪᠴᠤ᠂ ᠬᠦᠨᠳᠦ ᠵᠡᠮᠳᠡᠭᠴᠦᠳ᠂ ᠠᠮᠠᠷᠬᠠᠨ | ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠬᠢᠨᠠᠨ ᠬᠡᠮᠵᠢᠬᠦ ᠡᠲᠡᠭᠡᠳ᠂ ᠬᠤᠲᠠ ᠬᠥᠳᠡᠭᠡ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠪᠠ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ ᠤᠨ ᠰᠠᠭᠤᠷᠢ | ᠲᠤᠭ᠎ᠠ ᠶᠢ ᠲᠣᠳᠣᠷᠬᠠᠶ ᠣᠶᠢᠯᠠᠭᠠᠵᠤ᠂ ᠳᠥᠷᠪᠡᠨ ᠲᠥᠷᠥᠯ ᠤᠨ ᠬᠥᠮᠦᠰ ᠤᠨ ᠡᠮ ᠡᠮᠨᠡᠯᠭᠡ ᠶᠢᠨ ᠳᠠᠭᠠᠳᠬᠠᠯ ᠤᠨ | ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ᠂ ᠲᠣᠰ ᠲᠣᠰ 50%᠂ 70%᠂ 70%᠂ | 100% ᠶᠢᠨ ᠬᠠᠷᠢᠴᠠᠯ ᠢᠶᠠᠷ ᠲᠤᠰᠬᠠᠶ ᠲᠤᠰᠠᠯᠠᠮᠵᠢ ᠦᠵᠡᠭᠦᠯᠵᠦ᠂ ᠡᠲᠡᠭᠡᠷ ᠣᠨᠴᠠ ᠬᠦᠴᠢᠷᠳᠡᠯᠲᠡᠶ ᠬᠥᠮᠦᠰ ᠤᠨ | ︽ᠰᠦᠢᠳᠬᠡᠯ ᠲᠤᠰᠢᠶᠠᠬᠤ ᠳᠤ ᠵᠣᠪᠠᠭ᠋ᠤ ᠥᠬᠡᠶ᠂ ᠡᠮᠨᠡᠭᠦᠯᠬᠦ ᠳᠤ ᠪᠠᠲᠤᠯᠠᠭ᠎ᠠ ᠲᠠᠢ ᠪᠠᠶᠢᠬᠤ︾ ᠶᠢ ᠦᠨᠡᠨ ᠬᠦ | ᠪᠠᠲᠤᠯᠠᠨ᠎ᠠ᠃ | |