ᠵᠠᠮ ᠬᠠᠷᠢᠯᠴᠠᠭᠠᠨ ᠳᠤ ᠬᠡᠷᠡᠭᠯᠡᠬᠦ ᠬᠦᠩᠬᠡᠨᠴᠠᠭᠠᠨ ᠤ ᠲᠦᠷᠦᠯ ᠵᠦᠢᠯ
ᠨᠡᠶᠢᠲᠡᠯᠡᠭᠰᠡᠨ ᠴᠠᠭ᠄
2024/9/26
ᠨᠢᠭᠡ᠂ ᠲᠥᠷᠥᠯ ᠵᠦᠢᠯ ᠤᠨ ᠰᠠᠭᠤᠷᠢ ᠪᠠ ᠳᠠᠪᠠᠭᠤᠯᠢᠭ     ᠵᠠᠮ ᠬᠠᠷᠢᠯᠴᠠᠭᠠᠨ ᠤ ᠲᠥᠬᠦᠭᠡᠷᠦᠮᠵᠢ ᠳᠤ ᠬᠡᠷᠡᠭᠯᠡᠬᠦ ᠬᠥᠩᠭᠡᠨ ᠴᠠᠭᠠᠨ ᠤ ᠮᠠᠲ᠋ᠧᠷᠢᠶᠠᠯ ᠨᠢ ᠪᠣᠯᠣᠳ ᠲᠡᠮᠦᠷ ᠤᠨ ᠮᠠᠲ᠋ᠧᠷᠢᠶᠠᠯ ᠢ ᠬᠡᠷᠡᠭᠯᠡᠬᠦ ᠠᠴᠠ 30% ᠠᠴᠠ ᠳᠡᠭᠡᠭᠰᠢ ᠬᠦᠩᠭᠡᠨ᠃ ᠡᠶᠢᠮᠦ ᠠᠴᠠ᠂ ᠵᠠᠮ ᠬᠠᠷᠢᠯᠴᠠᠭᠠᠨ ᠤ ᠲᠥᠬᠦᠭᠡᠷᠦᠮᠵᠢ ᠦᠢᠯᠡᠳᠬᠦ ᠦᠢᠯᠡᠰ ᠤᠨ ᠬᠥᠩᠭᠡᠨ ᠴᠠᠭᠠᠨ ᠤ ᠬᠠᠶᠢᠯᠤᠰᠢ ᠶᠢ ᠬᠡᠷᠡᠭᠯᠡᠬᠦ ᠳᠤ ᠬᠥᠩᠭᠡᠨ ᠴᠠᠭᠠᠨ ᠤ ᠬᠡᠮᠵᠢᠶ᠎ᠡ ᠶᠢ ᠪᠡᠶᠡᠯᠡᠭᠦᠯᠬᠦ ᠪᠣᠯ ᠨᠢᠭᠡᠨ ᠶᠡᠭᠡ ᠬᠠᠨᠳᠤᠰᠢ ᠮᠥᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠦᠢᠯᠡᠳᠬᠦ ᠦᠢᠯᠡᠰ ᠤᠨ ᠵᠠᠷᠤᠴᠠᠭᠤᠯᠤᠭᠰᠠᠨ ᠬᠥᠩᠭᠡᠨ ᠴᠠᠭᠠᠨ ᠤ ᠮᠠᠲ᠋ᠧᠷᠢᠶᠠᠯ ᠣᠲᠣ ᠨᠢᠭᠡᠨᠲᠡ ᠪᠥᠬᠦ ᠤᠯᠤᠰ ᠤᠨ ᠶᠡᠷᠦᠩᠬᠡᠶ ᠬᠡᠮᠵᠢᠶᠡᠨ ᠤ 1/3 ᠣᠷᠴᠢᠮ ᠢ ᠡᠵᠡᠯᠡᠵᠦ ᠪᠠᠶᠢᠨ᠎ᠠ᠃ ᠮᠠᠨ ᠤ ᠤᠯᠤᠰ ᠤᠨ ᠲᠦᠷᠭᠡᠨ ᠲᠡᠮᠦᠷ ᠵᠠᠮ ᠤᠨ ᠰᠢᠰᠲ᠋ᠧᠮ ᠪᠣᠯᠤᠨ ᠬᠤᠲᠠ ᠶᠢᠨ ᠲᠡᠮᠦᠷ ᠵᠠᠮ ᠤᠨ ᠵᠠᠮ ᠬᠠᠷᠢᠯᠴᠠᠭᠠᠨ ᠤ ᠰᠢᠰᠲ᠋ᠧᠮ ᠤᠨ ᠬᠥᠭᠵᠢᠯᠲᠡ ᠶᠢ ᠳᠠᠭᠠᠯᠳᠤᠨ᠂ ᠵᠠᠮ ᠬᠠᠷᠢᠯᠴᠠᠭ᠎ᠠ ᠳᠤ ᠬᠡᠷᠡᠭᠯᠡᠬᠦ ᠬᠥᠩᠭᠡᠨ ᠴᠠᠭᠠᠨ ᠤ ᠬᠡᠯᠪᠡᠷᠢ ᠶᠢᠨ ᠮᠠᠲ᠋ᠧᠷᠢᠶᠠᠯ ᠤᠨ ᠬᠡᠷᠡᠭᠴᠡᠭᠡ ︽ᠰᠦᠷᠴᠢᠬᠦ︾ ᠪᠣᠯᠤᠨ᠎ᠠ᠃ ᠪᠤᠭᠤᠲᠤ ᠶᠢᠨ ᠴᠠᠬᠢᠯᠭᠠᠨ ᠵᠠᠳᠠᠯᠤᠯ ᠤᠨ ᠬᠢᠷᠥᠭᠡᠨ ᠤ ᠦᠢᠯᠡᠳᠪᠦᠷᠢᠯᠡᠯ ᠤᠨ ᠴᠢᠳᠠᠪᠤᠷᠢ 140 ᠲᠦᠮᠡ ᠰᠢᠬᠠᠮ ᠲᠣᠨ ᠳᠤ ᠬᠦᠷᠴᠦ᠂ ᠵᠠᠮ ᠬᠠᠷᠢᠯᠴᠠᠭ᠎ᠠ ᠳᠤ ᠬᠡᠷᠡᠭᠯᠡᠬᠦ ᠥᠨᠳᠥᠷ ᠨᠠᠷᠢᠯᠢᠭ ᠴᠠᠭᠠᠨ ᠤ ᠬᠠᠪᠲᠠᠰᠤ ᠶᠢᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠲᠦᠭᠦᠬᠡᠶ ᠮᠠᠲ᠋ᠧᠷᠢᠶᠠᠯ᠂ ᠴᠠᠬᠢᠯᠭᠠᠨ ᠬᠦᠴᠦᠨ ᠤ ᠡᠬᠢ ᠪᠠᠶᠠᠯᠢᠭ ᠵᠡᠷᠭᠡ ᠳᠠᠪᠠᠭᠤᠯᠢᠭ ᠲᠠᠢ᠂ ᠴᠠᠬᠢᠯᠭᠠᠨ ᠤ ᠦᠨ᠎ᠡ ᠬᠢᠮᠳᠠ ᠪᠠᠶᠢᠵᠤ᠂ ᠢᠷᠡᠭᠡᠳᠦᠶ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠰᠠᠶᠢᠨ ᠪᠠᠶᠢᠵᠤ᠂ ᠢᠷᠡᠭᠡᠳᠦᠶ ᠭᠡᠭᠡᠨ ᠰᠠᠷᠠᠭᠤᠯ᠂ ᠵᠢᠱᠢᠭᠰᠡᠨ ᠠᠰᠢᠭ ᠣᠷᠣᠯᠭ᠎ᠠ ᠨᠡᠯᠢᠶᠡᠳ ᠰᠠᠶᠢᠨ ᠪᠠᠶᠢᠨ᠎ᠠ᠃ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠦᠰᠡᠯ ᠡᠷᠡᠮᠡᠯᠵᠡᠯ ᠤᠨ ᠬᠦᠷᠢᠶᠡᠯᠡᠩ ᠲᠣᠭᠤᠷᠢᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠣᠷᠴᠢᠯ ᠠᠵᠤ ᠠᠬᠤᠶ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠨᠢᠭᠡ ᠪᠣᠯᠤᠨ᠎ᠠ᠃     ᠬᠦᠷᠢᠶᠡᠯᠡᠩ ᠲᠣᠭᠤᠷᠢᠭ ᠨᠢ ᠪᠤᠭᠤᠲᠤ ᠬᠤᠲᠠ ᠶᠢᠨ ᠪᠠᠷᠠᠭᠤᠨ ᠡᠮᠦᠨᠡᠬᠢ ᠳᠤ ᠪᠠᠶᠢᠷᠢᠯᠠᠵᠤ᠂ ᠪᠤᠭᠤᠲᠤ ᠥᠷᠲᠡᠭᠡ ᠲᠠᠢ ᠬᠥᠷᠰᠢᠯᠡᠵᠦ᠂ ᠬᠦᠷᠢᠶᠡᠯᠡᠩ ᠲᠣᠭᠤᠷᠢᠭ ᠲᠠᠬᠢ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠬᠥᠩᠭᠡᠨ ᠴᠠᠭᠠᠨ ᠵᠡᠰ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠭᠤᠤᠯ ᠬᠦᠷᠢᠶᠡᠯᠡᠩ ᠲᠣᠭᠤᠷᠢᠭ ᠪᠣᠯᠤᠨ᠎ᠠ᠂ ᠣᠶᠢᠷ᠎ᠠ ᠶᠢᠨ ᠵᠢᠯ ᠳᠤ ᠨᠢᠭᠡᠨᠲᠡ ᠬᠥᠩᠭᠡᠨ ᠴᠠᠭᠠᠨ ᠵᠡᠰ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠤᠨ ᠴᠤᠭᠯᠠᠷᠠᠯ ᠤᠨ ᠦᠢᠯᠡᠳᠦᠯ ᠢ ᠪᠣᠶ ᠪᠣᠯᠭᠠᠵᠤ᠂ ᠬᠥᠩᠭᠡᠨ ᠴᠠᠭᠠᠨ ᠵᠡᠰ ᠤᠨ ᠠᠵᠤ ᠦᠢᠯᠡᠰ ᠤᠨ ᠬᠥᠭᠵᠢᠯᠲᠡ ᠳᠤ ᠰᠢᠯᠢᠳᠡᠭ ᠰᠠᠶᠢᠨ ᠨᠥᠬᠦᠴᠡᠯ ᠢ ᠪᠣᠶ ᠪᠣᠯᠭᠠᠵᠤ ᠥᠭᠴᠡᠶ᠃ᠬᠤᠶᠠᠷ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠪᠠ ᠬᠡᠪᠴᠢᠶ᠎ᠡ     ᠵᠠᠮ ᠬᠠᠷᠢᠯᠴᠠᠭ᠎ᠠ ᠳᠤ ᠬᠡᠷᠡᠭᠯᠡᠬᠦ ᠬᠥᠩᠭᠡᠨ ᠴᠠᠭᠠᠨ ᠬᠠᠪᠲᠠᠰᠤ 20 ᠲᠦ᠋ᠮᠡᠨ ᠲᠤᠨᠭᠤᠷᠪᠠ᠂ ᠲᠥᠷᠥᠯ ᠵᠦᠢᠯ ᠤᠨ ᠭᠠᠵᠠᠷ ᠰᠣᠩᠭᠤᠬᠤ     ᠬᠤᠪᠣᠷ  ᠰᠢᠷᠤᠢ ᠶᠢᠨ ᠳᠡᠭᠡᠳᠦ  ᠰᠢᠨ᠎ᠡ ᠮᠡᠷᠭᠡᠵᠢᠯ ᠤᠨ ᠣᠷᠣᠨᠳᠥᠷᠪᠡ᠂ ᠪᠡᠯᠡ ᠣᠷᠣᠭᠤᠯᠤᠯᠲᠠ ᠶᠢᠨ ᠵᠢᠱᠢᠯᠳᠠ     ᠶᠡᠷᠦᠩᠬᠡᠢ ᠪᠡᠯᠡ ᠣᠷᠤᠭᠤᠯᠤᠯᠲᠠ ᠨᠢ 58000 ᠲᠦᠮᠡᠨ ᠲᠦᠭᠦᠷᠢᠭ ᠲᠠᠪᠤ᠂ ᠬᠠᠮᠲᠤᠷᠠᠯᠴᠠᠭᠠᠨ ᠤ ᠠᠷᠭ᠎ᠠ ᠬᠡᠯᠪᠡᠷᠢ     ᠲᠤᠰᠠᠭᠠᠷ ᠪᠡᠯᠡ ᠤᠷᠤᠭᠤᠯᠬᠤ᠂ ᠪᠡᠯᠡ ᠨᠡᠶᠢᠯᠡᠭᠦᠯᠬᠦ᠂ ᠬᠠᠮᠵᠢᠯᠴᠠᠬᠤ    ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ    ᠬᠠᠶ᠋ᠢᠭ᠄ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ    ᠤᠲᠠᠰᠤ᠄ ᠬᠢᠯᠢ ᠬᠢᠵᠠᠭᠠᠷ ᠵᠠᠩ ᠢ 15561095364    ᠢᠮᠧᠯ᠄ ljhnso@163.com
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号