ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠡᠨᠡ ᠦᠳᠡ ᠶᠢᠨ ᠡᠮᠦᠨ᠎ᠡ ᠰᠣᠨᠢᠨ | ᠮᠡᠳᠡᠭᠡ ᠨᠡᠶᠢᠲᠡᠯᠡᠬᠦ ᠬᠤᠷᠠᠯ ᠬᠢᠵᠦ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ ᠬᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠦᠨᠡᠳᠦ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ ᠠᠴᠠ ᠮᠥᠩᠭᠦᠨ ᠬᠦᠢᠯᠭᠡᠭᠡᠨ ᠢᠶᠠᠷ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ ᠣᠯᠠᠨ ᠵᠦᠢᠯ ᠤᠨ | ᠴᠢᠬᠤᠯᠠ ᠲᠥᠷᠥ ᠶᠢᠨ ᠪᠣᠳᠣᠯᠭ᠎ᠠ ᠶᠢ ᠬᠠᠮᠲᠤ ᠳᠤᠨᠢ ᠨᠡᠶᠢᠲᠡᠯᠡᠵᠦ᠂ ᠵᠣᠭᠤᠰᠣᠨ ᠤ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠦ᠂ ᠠᠵᠤ ᠠᠬᠤᠶ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠶᠢ | ᠤᠯᠠᠮ ᠨᠢᠭᠡ ᠠᠯᠬᠤᠮ ᠳᠡᠮᠵᠢᠬᠦ ᠪᠠᠷ ᠪᠠᠶᠢᠨ᠎ᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠪᠠᠩᠬᠢ ᠠᠴᠠ | ᠣᠶᠢᠷ᠎ᠠ ᠶᠢᠨ ᠬᠤᠭᠤᠴᠠᠭᠠᠨ ᠳᠤ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠣᠷᠮ᠎ᠠ ᠶᠢ 0.5 ᠵᠠᠭᠤᠨ ᠤ | ᠬᠤᠪᠢ ᠶᠢᠨ ᠴᠡᠭ ᠪᠠᠭᠤᠷᠠᠭᠤᠯᠵᠤ᠂ ᠮᠥᠩᠭᠦᠨ ᠬᠦᠢᠯᠭᠡᠭᠡᠨ ᠤ ᠵᠠᠬ᠎ᠠ ᠳᠡᠯᠭᠡᠭᠦᠷ ᠲᠤ ᠣᠷᠳᠣ ᠬᠤᠭᠤᠴᠠᠭᠠᠨ ᠤ | ᠬᠦᠳᠡᠯᠦᠩᠭᠦᠢ ᠴᠢᠨᠠᠷ ᠪᠦᠬᠦᠢ 1 ᠲᠦᠮᠡᠨ ᠳ᠋ᠦᠩᠰᠢᠭᠤᠷ ᠰᠢᠬᠠᠮ ᠲᠥᠭᠦᠷᠢᠭ ᠬᠠᠩᠭᠠᠨ᠎ᠠ ᠭᠡᠵᠦ ᠨᠡᠶᠢᠲᠡᠯᠡᠪᠡ᠃ | ᠲᠥᠪ ᠪᠠᠩᠬᠢ ᠶᠢᠨ ᠲᠥᠷᠥ ᠶᠢᠨ ᠪᠣᠳᠣᠯᠭ᠎ᠠ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠵᠤ᠂ 7 | ᠡᠳᠦᠷ ᠤᠨ ᠰᠥᠷᠭᠡᠤ ᠬᠤᠳᠠᠯᠳᠤᠨ ᠠᠪᠬᠤ ᠠᠵᠢᠯᠯᠠᠭᠠᠨ ᠤ ᠬᠦᠦ ᠮᠥᠩᠭᠦ ᠶᠢᠨ ᠨᠣᠷᠮ᠎ᠠ ᠶᠢ 0.2 ᠵᠠᠭᠤᠨ ᠤ | ᠬᠤᠪᠢ ᠶᠢᠨ ᠴᠡᠭ ᠪᠠᠭᠤᠷᠠᠭᠤᠯᠵᠤ᠂ ᠣᠳᠣᠬᠠᠨ ᠤ 1.7% ᠪᠠᠶᠢᠭᠰᠠᠨ ᠠᠴᠠ ᠨᠢ 1.5% ᠪᠣᠯᠭᠠᠨ ᠪᠠᠭᠤᠷᠠᠭᠤᠯᠵᠤ | ᠂ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠦ ᠮᠥᠩᠭᠦ ᠶᠢᠨ ᠨᠣᠷᠮ᠎ᠠ ᠪᠠ ᠬᠠᠳᠠᠭᠠᠯᠠᠮᠵᠢ ᠶᠢᠨ ᠬᠦᠦ | ᠮᠥᠩᠭᠦ ᠶᠢᠨ ᠨᠣᠷᠮ᠎ᠠ ᠶᠢ ᠵᠡᠷᠭᠡ ᠪᠠᠷ ᠪᠠᠭᠤᠷᠠᠭᠤᠯᠬᠤ ᠶᠢ ᠬᠥᠲᠥᠯᠥᠨ ᠵᠢᠯᠣᠭᠤᠳᠴᠤ᠂ ᠬᠤᠳᠠᠯᠳᠤᠭᠠᠨ ᠤ ᠪᠠᠩᠬᠢ ᠶᠢᠨ | ᠴᠡᠪᠡᠷ ᠬᠦᠦ ᠮᠥᠩᠭᠦ ᠶᠢᠨ ᠵᠥᠷᠢᠶ᠎ᠡ ᠲᠣᠭᠲᠠᠭᠤᠨ ᠪᠠᠶᠢᠬᠤ ᠶᠢ ᠪᠠᠲᠤᠯᠠᠬᠤ ᠪᠤᠯᠤᠨ᠎ᠠ᠃ | ᠣᠷᠣᠨ ᠰᠠᠭᠤᠴᠠ ᠶᠢᠨ ᠵᠢᠭᠡᠯᠡᠯᠭᠡ ᠶᠢᠨ ᠲᠠᠯ᠎ᠠ ᠪᠠᠷ᠂ ᠨᠥᠭᠡᠴᠡ ᠣᠷᠣᠨ ᠰᠠᠭᠤᠴᠠ ᠶᠢᠨ ᠵᠢᠭᠡᠯᠡᠯᠭᠡ ᠶᠢᠨ | ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠶᠢᠨ ᠬᠠᠮᠲᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ | ᠲᠤᠰᠢᠶᠠᠬᠤ ᠬᠠᠮᠤᠭ ᠤᠨ ᠳᠤᠤᠷ᠎ᠠ ᠵᠣᠭᠤᠰ ᠤᠨ ᠬᠠᠷᠢᠴᠠᠯ ᠢ ᠨᠢᠭᠡᠳᠦᠯᠲᠡᠶ ᠪᠣᠯᠭᠠᠨ᠎ᠠ᠃ | ᠪᠣᠳᠠᠲᠠᠶ ᠪᠠᠷ ᠬᠡᠯᠡᠪᠡᠯ᠄·ᠬᠤᠳᠠᠯᠳᠤᠭᠠᠨ ᠤ ᠪᠠᠩᠬᠢ ᠶᠢ ᠬᠥᠲᠥᠯᠥᠨ ᠵᠢᠯᠣᠭᠤᠳᠴᠤ ᠪᠠᠶᠢᠭᠠᠳ ᠨᠥᠭᠡᠴᠡ | ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠰᠢᠨ᠎ᠡ ᠪᠠᠷ ᠲᠠᠷᠬᠠᠭᠠᠭᠰᠠᠨ ᠣᠷᠣᠨ | ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠤᠷᠴᠢᠮ ᠬᠦᠷᠳᠡᠯ᠎ᠡ ᠪᠠᠭᠤᠷᠠᠭᠤᠯᠤᠨ᠎ᠡ᠂ | ᠵᠢᠱᠢᠯᠲᠡ ᠪᠠᠷ ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ ᠪᠠᠷᠤᠭ 0.5 ᠵᠠᠭᠤᠨ ᠤ ᠬᠤᠪᠢ ᠶᠢᠨ ᠴᠡᠭ ᠣᠷᠴᠢᠮ | ᠪᠣᠯᠤᠨ᠎ᠠ᠃· | ᠪᠥᠬᠦ ᠤᠯᠤᠰ ᠤᠨ ᠲᠠᠰ ᠳᠠᠪᠬᠤᠷᠭ᠎ᠠ ᠶᠢᠨ ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ | ᠠᠩᠬ᠎ᠠ ᠲᠤᠰᠢᠶᠠᠬᠤ ᠬᠠᠮᠤᠭ ᠤᠨ ᠳᠤᠤᠷ᠎ᠠ ᠬᠠᠷᠢᠴᠠᠯ ᠢ 25% ᠪᠠᠶᠢᠭᠰᠠᠨ ᠠᠴᠠ ᠨᠢ 15% ᠪᠣᠯᠭᠠᠨ | ᠪᠠᠭᠤᠷᠠᠭᠤᠯᠵᠤ᠂ ᠠᠩᠬ᠎ᠠ ᠢᠵᠢ ᠣᠷᠣᠨ ᠰᠠᠭᠤᠴᠠ ᠪᠠ ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ | ᠠᠩᠬ᠎ᠠ ᠲᠤᠰᠢᠶᠠᠬᠤ ᠬᠠᠮᠤᠭ ᠤᠨ ᠳᠤᠤᠷ᠎ᠠ ᠬᠠᠷᠢᠴᠠᠯ ᠢ ᠨᠢᠭᠡᠳᠦᠯᠲᠡᠶ ᠪᠣᠯᠭᠠᠨ᠎ᠠ᠃ |