ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠨᠢ 9000 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ  ᠰᠢᠪᠲᠤᠯᠤᠯᠲᠠ ᠵᠢᠨ‌‍ᠲ᠋ᠤᠰᠬᠠᠶ  ᠪᠡᠯᠡ ᠮᠦᠩᠬᠦ ᠣᠯᠵᠠᠢ
ᠨᠡᠶᠢᠲᠡᠯᠡᠭᠰᠡᠨ ᠴᠠᠭ᠄
2024/9/29
     ᠣᠶᠢᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 9 ᠠᠵᠤ ᠠᠬᠤᠶᠢᠯᠠᠯ ᠤᠨ 13 ᠲᠥᠷᠥᠯ ᠵᠦᠢᠯ ᠨᠢ ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ 9000 ᠲᠦᠮᠡᠨ ᠲᠥᠭᠦᠷᠢᠭ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ︾ ᠶᠢᠨ ᠲᠤᠰᠬᠠᠶ ᠪᠠᠯᠠ ᠮᠥᠩᠭᠦ ᠶᠢᠨ ᠳᠡᠮᠵᠢᠯᠭᠡ ᠶᠢ ᠠᠮᠵᠢᠯᠲᠠᠲᠠᠶ ᠣᠯᠵᠤ᠂ ᠠᠵᠤ ᠠᠬᠤᠶᠢᠯᠠᠯ ᠤᠨ ᠦᠢᠯᠡᠳᠬᠦᠨ ᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠦᠨ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃      ᠲᠦᠷᠦᠯ ᠵᠦᠢᠯ ᠤᠨ ᠲᠦᠷᠦᠭᠦᠯᠡᠬᠦ ᠨᠢᠭᠡᠴᠢ ᠪᠣᠯᠤᠭᠰᠠᠨ ᠤ ᠬᠤᠪᠢ ᠳᠤ᠂ ᠤᠮᠠᠷᠠᠲᠤ ᠶᠢᠨ ᠬᠤᠪᠣᠷ ᠰᠢᠷᠣᠢ᠂ ᠴᠠᠩ ᠠᠨ ᠶᠦᠩ ᠽᠢ  ᠂ ᠶᠢᠨ ᠯᠢ ᠶᠦᠩ  ᠽᠢ  ᠵᠡᠷᠭᠡ 9 ᠲᠠᠭᠠᠭᠤᠯᠤᠬᠴᠢ ᠠᠵᠤ ᠠᠬᠤᠶᠢᠯᠠᠯ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠡᠭᠡᠵᠢᠩ ᠤᠨ ᠠᠭᠠᠷ ᠤᠨ ᠠᠶᠠᠯᠠᠯ ᠰᠠᠨᠰᠠᠷ ᠤᠨ ᠶᠡᠭᠡ ᠰᠤᠷᠭᠠᠭᠤᠯᠢ ᠵᠡᠷᠭᠡ ᠤᠯᠠᠨ ᠨᠡᠷᠡᠳᠦ ᠶᠡᠭᠡ ᠳᠡᠭᠡᠳᠦ ᠰᠤᠷᠭᠠᠭᠤᠯᠢ ᠵᠢᠴᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠬᠡᠷᠡᠭᠯᠡᠯᠲᠡ᠂ ᠨᠸᠣᠳᠢᠮ ᠲᠡᠮᠦᠷ ᠤᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠠᠵᠤ ᠦᠢᠯᠡᠰᠵᠢᠯᠲᠡ᠂ ᠯᠠᠨᠲ᠋ᠠᠨ ᠤ ᠼᠧᠷᠢ ᠵᠡᠷᠭᠡ ᠥᠨᠳᠥᠷ ᠪᠠᠶᠠᠯᠢᠭ ᠬᠤᠪᠣᠷ ᠰᠢᠷᠣᠢ ᠶᠢᠨ ᠡᠯᠧᠮᠧᠨ᠋ᠲ ᠤᠨ ᠶᠡᠷᠦᠩᠬᠡᠶᠢᠯᠡᠭᠰᠡᠨ ᠬᠡᠷᠡᠭᠯᠡᠯᠲᠡ᠂ ᠡᠨᠧᠷᠭᠢ ᠠᠷᠪᠢᠯᠠᠬᠤ ᠴᠠᠬᠢᠯᠭᠠᠨ ᠵᠠᠳᠠᠯᠤᠯ ᠤᠨ ᠣᠩᠭᠤᠴᠠ ᠵᠢᠴᠢ ᠤᠶᠤᠨᠴᠢᠯᠠᠭᠰᠠᠨ ᠲᠡᠮᠦᠷᠯᠢᠭ ᠪᠣᠯᠪᠠᠰᠤᠷᠠᠭᠤᠯᠬᠤ ᠴᠤᠭᠯᠠᠷᠠᠯ᠂ ᠲᠡᠷᠢᠭᠦᠨ ᠤ ᠬᠤᠪᠣᠷ ᠰᠢᠷᠣᠢ ᠶᠢᠨ ᠲᠠᠯᠠᠰᠲᠤ ᠮᠠᠲ᠋ᠧᠷᠢᠶᠠᠯ ᠵᠢᠴᠢ ᠠᠵᠤ ᠦᠢᠯᠡᠰᠵᠢᠯᠲᠡ ᠶᠢᠨ ᠪᠡᠯᠡᠳᠬᠡᠯ᠂ ᠠᠭᠠᠷ ᠰᠠᠨᠰᠠᠷ ᠤᠨ ᠠᠶᠠᠯᠠᠯ ᠰᠠᠨᠰᠠᠷ ᠤᠨ ᠠᠶᠠᠯᠠᠯ ᠳᠤ ᠬᠡᠷᠡᠭᠯᠡᠬᠦ ᠥᠨᠳᠥᠷ ᠴᠢᠳᠠᠪᠬᠢᠲᠤ ᠬᠤᠪᠣᠷ ᠰᠢᠷᠣᠢ ᠶᠢᠨ ᠮᠠᠲ᠋ᠧᠷᠢᠶᠠᠯ ᠵᠢᠴᠢ ᠠᠵᠤ ᠦᠢᠯᠡᠰᠵᠢᠯᠲᠡ ᠶᠢᠨ ᠪᠡᠯᠡᠳᠬᠡᠯ᠂ ᠠᠭᠠᠷ ᠰᠠᠨᠰᠠᠷ ᠤᠨ ᠠᠶᠠᠯᠠᠯ  ᠂ᠰᠠᠨᠰᠠᠷ ᠤᠨ ᠠᠶᠠᠯᠠᠯ ᠳᠤ ᠬᠡᠷᠡᠭᠯᠡᠬᠦ ᠥᠨᠳᠥᠷ ᠴᠢᠳᠠᠪᠬᠢᠲᠤ ᠬᠤᠪᠣᠷ ᠰᠢᠷᠣᠢ ᠶᠢᠨ ᠮᠠᠲ᠋ᠧᠷᠢᠶᠠᠯ ᠵᠢᠴᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠠᠮᠲᠤ ᠪᠠᠷ ᠬᠦᠴᠦᠯᠡᠨ ᠠᠬᠢᠭᠤᠯᠪᠠ᠃     ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠡᠳᠡᠭᠡᠷ ᠠᠵᠤ ᠠᠬᠤᠶᠢᠯᠠᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠳᠡᠮᠵᠢᠬᠦ ᠳᠡᠭᠡᠨ᠂ ᠭᠤᠣᠯᠳᠠᠭᠤ ᠡᠳᠡᠭᠡᠷ ᠲᠥᠷᠥᠯ ᠵᠦᠢᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠬᠦᠷᠢᠶ᠎ᠡ ᠴᠠᠷᠠᠭᠠᠨ ᠳᠤ ᠬᠤᠪᠣᠷ ᠰᠢᠷᠣᠶ ᠶᠢᠨ ᠦᠢᠯᠡᠳᠬᠦᠨ ᠤ ᠨᠡᠮᠡᠯᠲᠡ ᠥᠷᠲᠡᠭ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠶᠢ ᠪᠣᠳᠣᠯᠬᠢᠯᠠᠵᠤ᠂ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠥᠷᠭᠡᠳᠬᠡᠬᠦ ᠳᠤ ᠠᠰᠢᠭᠲᠠᠢ ᠪᠠᠶᠢᠬᠤ ᠶᠢ ᠪᠣᠳᠣᠯᠬᠢᠯᠠᠨ᠎ᠠ︔ ᠬᠤᠯᠪᠣᠭᠳᠠᠯ ᠪᠦᠬᠦᠢ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ ᠳᠠᠶᠢᠴᠢᠯᠠᠬᠤ ᠦᠢᠯᠡᠳᠦᠯ ᠦᠵᠡᠭᠦᠯᠵᠦ᠂ ᠠᠵᠢᠯ ᠣᠯᠭᠤᠯᠲᠠ ᠪᠠ ᠠᠵᠤ ᠠᠬᠤᠶ ᠶᠢᠨ ᠨᠡᠮᠡᠭᠳᠡᠯ ᠢ ᠠᠬᠢᠭᠤᠯᠬᠤ ᠴᠢᠳᠠᠪᠤᠷᠢ ᠶᠢ ᠠᠬᠢᠭᠤᠯᠤᠨ᠎ᠠ︔  ᠡᠳᠡᠭᠡᠷ ᠲᠥᠷᠥᠯ ᠵᠦᠢᠯ ᠨᠢ ᠬᠤᠪᠣᠷ ᠰᠢᠷᠣᠶ ᠶᠢᠨ ᠠᠵᠢᠯ ᠲᠥᠷᠥᠯ ᠤᠨ ᠦᠷᠭᠦᠯᠵᠢᠯᠡᠬᠦ ᠬᠥᠭᠵᠢᠯᠲᠡ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠠᠵᠢᠯ ᠲᠥᠷᠥᠯ ᠢ ᠪᠣᠬᠢᠷᠲᠤᠯ ᠦᠭᠡᠶ᠂ ᠨᠡᠭᠦᠷᠡᠰᠦᠲᠥ᠋ᠷᠥᠭᠴᠢ ᠪᠠᠭ᠎ᠠ᠂ ᠥᠨᠳᠥᠷ ᠪᠦᠲᠦᠮᠵᠢᠲᠡᠶ ᠴᠢᠭᠯᠡᠯ ᠢᠶᠠᠷ ᠬᠥᠭᠵᠢᠭᠦᠯᠬᠦ ᠶᠢ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠦᠨ᠎ᠡ᠃    ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ  ᠤ ᠰᠢᠨᠵᠢᠯᠡᠬᠦ ᠤᠬᠠᠭᠠᠨ ᠮᠡᠷᠭᠡᠵᠢᠯ  ᠤᠨ ᠬᠦᠷᠢᠶᠡᠯᠡᠩ ᠤᠨ ᠬᠠᠷᠢᠭᠤᠴᠠᠯᠭᠠᠲᠠᠨ ᠤ ᠢᠯᠠᠣᠠᠭᠡᠭᠰᠡᠨ ᠢᠶᠠᠷ  ᠄ ︽ᠡᠨᠡ 9000 ᠲᠦᠮᠡᠨ ᠲᠥᠭᠦᠷᠢᠭ ‍ᠤᠨ‌‍ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠪᠡᠯᠡ ᠮᠥᠩᠭᠦ ᠨᠢ ᠣᠷᠣᠨ ᠪᠦᠰᠡ ᠶᠢᠨ ᠳᠣᠲᠣᠷᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠯᠬᠤᠴᠠ ᠶᠢ ᠤᠯᠠᠮ ᠨᠢᠭᠡ ᠠᠯᠬᠤᠮ ᠲᠦᠷᠭᠡᠳᠭᠡᠵᠦ᠂ ᠬᠤᠪᠣᠷ ᠰᠢᠷᠣᠶ  ᠶᠢᠨ ᠳᠡᠭᠡᠳᠦ  ᠰᠢᠨ᠎ᠡ‌ᠮᠡᠷᠭᠡᠵᠢᠯ ᠤᠨ  ᠤᠷᠤᠨ ᠤ  ᠰᠢᠨ᠎ᠡ ᠮᠠᠲ᠋ᠧᠷᠢᠶᠠᠯ ᠤᠨ ᠮᠡᠷᠭᠡᠵᠢᠯ ᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠬᠤ ᠪᠣᠯᠤᠨ᠎ᠠ᠃ ᠪᠢᠳᠡ ᠡᠳᠡᠭᠡᠷ ᠲᠥᠷᠥᠯ ᠵᠦᠢᠯ ᠡᠷᠲᠡᠬᠡᠨ ᠡᠯᠪᠡᠭ ᠳᠡᠯᠪᠡᠭ ᠦᠷ᠎ᠡ ᠪᠦᠲᠦᠭᠡᠯ ᠣᠯᠬᠤ ᠶᠢ ᠬᠦᠰᠡᠵᠦ ᠪᠠᠶᠢᠨ᠎ᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠶ ᠶᠢᠨ ᠠᠵᠢᠯ ᠲᠥᠷᠥᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ 》᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号