ᠬᠠᠶᠢᠷ᠎ᠠ ᠬᠠᠯᠠᠮᠵᠢ ᠶᠢᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ | ᠤᠨ ᠨᠢᠭᠡ ᠪᠣᠯᠤᠨ᠎ᠠ᠂ ᠲᠦᠭ ᠲᠦᠮᠡᠨ ᠠᠶᠢᠯ ᠡᠷᠦᠬᠡ ᠶᠢᠨ ᠠᠮᠤᠷ ᠲᠦᠪᠰᠢᠨ ᠠᠶᠤᠯ ᠲᠦᠭᠰᠢᠭᠦᠷᠢ ᠬᠦᠴᠢᠷ | ᠪᠠᠶᠢᠳᠠᠯ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ 2024 | ᠣᠨ ᠤ ︽ᠳᠤᠯᠠᠭᠠᠨ ᠪᠦᠯᠢᠶᠡᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠬᠦ ᠶᠢᠨ ᠲᠥᠯᠥᠭᠡ᠂ ᠬᠤᠪᠣᠷ ᠰᠢᠷᠣᠶ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ | ᠡᠪᠦᠯ ᠤᠨ ᠡᠪᠡᠳᠴᠢᠨ ᠢ ᠵᠤᠨ ᠵᠠᠰᠠᠵᠤ᠂ ᠣᠯᠠᠨ ᠲᠦᠮᠡᠨ ᠬᠠᠨᠤᠮᠵᠢᠲᠠᠶ ᠪᠠᠶᠢᠬᠤ︾ ᠵᠠᠷᠴᠢᠮ ᠶᠣᠰᠣᠭᠠᠷ᠂ | ᠳᠤᠯᠠᠭᠠᠯᠠᠭ᠎ᠠ ᠬᠠᠩᠭᠠᠬᠤ ᠬᠤᠭᠤᠴᠠᠭᠠᠨ ᠳᠤ ᠢᠯᠡᠷᠡᠭᠰᠡᠨ ᠠᠳᠠᠯᠢ ᠪᠤᠰᠤ ᠲᠥᠷᠥᠯ ᠬᠡᠯᠪᠡᠷᠢ ᠶᠢᠨ ᠠᠰᠠᠭᠤᠳᠠᠯ ᠳᠤ | ᠴᠢᠭᠯᠡᠭᠦᠯᠦᠨ᠂ ᠡᠬᠢ ᠡᠭᠦᠰᠦᠯ᠂ ᠰᠦᠯᠵᠢᠶ᠎ᠡ᠂ ᠦᠵᠦᠭᠦᠷ ᠠᠴᠠ ᠨᠢᠭᠡ ᠴᠤᠭᠴᠠᠵᠢᠭᠤᠯᠤᠨ ᠠᠬᠢᠭᠤᠯᠵᠤ᠂ ︽ | ᠳᠤᠯᠠᠭᠠᠨ ᠢᠨᠵᠧᠨᠧᠷᠢᠩ︾ ᠤᠨ ᠡᠯ᠎ᠡ ᠵᠦᠢᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ | ᠢᠳᠡᠪᠬᠢᠲᠡᠶ ᠪᠠᠷ ᠳᠥᠯᠭᠢᠨ ᠠᠬᠢᠭᠤᠯᠤᠨ᠎ᠠ᠃ | 2024 ᠣᠨ ᠳᠤ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ︽ᠬᠠᠶᠢᠷ᠎ᠠ ᠬᠠᠯᠠᠮᠵᠢ ᠶᠢᠨ ᠢᠨᠵᠧᠨᠧᠷᠢᠩ︾ | ᠤᠨ ᠲᠥᠷᠥᠯ ᠵᠦᠢᠯ ᠢ ᠨᠡᠶᠢᠲᠡ 12 ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 2.6 | ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ ᠢᠯᠴᠢ ᠶᠢᠨ ᠢᠷᠡᠯᠲᠡ ᠶᠢᠨ ᠦᠢᠯᠡᠳᠪᠦᠷᠢ ᠶᠢ ᠲᠠᠰ ᠳᠡᠪᠰᠢᠭᠦᠯᠦᠨ | ᠥᠭᠡᠷᠡᠴᠢᠯᠡᠬᠦ᠂ ᠪᠡᠯᠡᠳᠬᠡᠯ ᠢᠯᠴᠢ ᠶᠢᠨ ᠢᠷᠡᠯᠲᠡ ᠶᠢᠨ ᠦᠢᠯᠡᠳᠪᠦᠷᠢ ᠶᠢ ᠪᠥᠲᠥᠭᠡᠨ ᠪᠠᠶᠢᠭᠤᠯᠬᠤ᠂ ᠵᠢᠵᠢᠭ | ᠲᠣᠭᠤᠷᠢᠭ ᠤᠨ ᠬᠤᠶᠠᠳᠠᠬᠢ ᠬᠤᠭᠤᠯᠠᠶ ᠶᠢᠨ ᠲᠣᠤᠷ ᠢ 16.7 ᠺᠢᠯᠤᠮᠧᠲ᠋ᠧᠷ ᠥᠭᠡᠷᠡᠴᠢᠯᠡᠬᠦ᠂ ᠨᠢᠭᠡᠴᠢ | ᠬᠤᠭᠤᠯᠠᠶ ᠶᠢᠨ ᠲᠣᠤᠷ ᠢ 10 ᠺᠢᠯᠤᠮᠧᠲ᠋ᠧᠷ ᠥᠭᠡᠷᠡᠴᠢᠯᠡᠬᠦ᠂ ᠢᠯᠴᠢ ᠰᠣᠯᠢᠯᠴᠠᠬᠤ ᠥᠷᠲᠡᠭᠡ ᠶᠢ ᠰᠢᠨᠡᠳᠬᠡᠨ | ᠥᠭᠡᠷᠡᠴᠢᠯᠡᠬᠦ ᠪᠠ 3 ᠰᠠᠭᠤᠷᠢ ᠰᠢᠨ᠎ᠡ ᠪᠠᠷ ᠪᠠᠶᠢᠭᠤᠯᠬᠤ ᠶᠢ ᠪᠠᠭᠲᠠᠭᠠᠨ᠎ᠠ᠃ ᠣᠳᠣᠬᠠᠨ ᠳᠤ᠂ ᠡᠯ᠎ᠡ ᠵᠦᠢᠯ ᠤᠨ | ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | ︽ᠳᠤᠯᠠᠭᠠᠨ ᠪᠦᠯᠢᠶᠡᠨ ᠢᠨᠵᠧᠨᠧᠷᠢᠩ︾ ᠤᠨ ᠡᠮᠬᠢ ᠵᠢᠷᠤᠮ ᠲᠠᠢ ᠶᠠᠪᠤᠭᠳᠠᠬᠤ ᠶᠢ ᠳᠠᠭᠠᠯᠳᠤᠨ᠂ ᠳᠡᠭᠡᠳᠦ | ᠰᠢᠨ᠎ᠡ ᠮᠡᠷᠭᠡᠵᠢᠯ ᠤᠨ ᠣᠷᠣᠨ ᠢᠯᠴᠢ ᠶᠢᠨ ᠡᠬᠢ ᠰᠤᠷᠪᠤᠯᠵᠢ ᠶᠢᠨ ᠪᠠᠲᠤᠯᠠᠭ᠎ᠠ ᠶᠢᠨ ᠴᠢᠳᠠᠪᠤᠷᠢ᠂ ᠬᠤᠭᠤᠯᠠᠶ ᠶᠢᠨ | ᠲᠣᠤᠷ ᠤᠨ ᠠᠵᠢᠯᠯᠠᠭᠠᠨ ᠤ ᠦᠷ᠎ᠡ ᠪᠦᠲᠦᠮᠵᠢ᠂ ᠢᠯᠴᠢ ᠶᠢᠨ ᠬᠦᠴᠦᠨ ᠤ ᠥᠷᠲᠡᠭᠡ ᠶᠢᠨ ᠳᠠᠮᠵᠢᠭᠤᠯᠤᠨ | ᠳᠣᠭᠢᠷᠠᠭᠤᠯᠬᠤ ᠶᠠᠰᠤ ᠴᠢᠨᠠᠷ᠂ ᠦᠵᠦᠭᠦᠷ ᠤᠨ ᠢᠯᠴᠢ ᠡᠨᠧᠷᠭᠢ ᠶᠢᠨ ᠬᠤᠷᠣᠭᠳᠠᠯ ᠵᠢᠴᠢ ᠢᠯᠴᠢ ᠬᠠᠩᠭᠠᠬᠤ | ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠨᠡ ᠡᠪᠦᠯ ᠤᠨ | ᠢᠯᠴᠢ ᠬᠠᠩᠭᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ | ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠨ᠎ᠠ᠃ | |