ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠬᠤᠳᠠᠯᠳᠤᠨ ᠠᠪᠬᠤ ᠶᠢ | ᠬᠢᠨᠠᠨ ᠰᠢᠯᠭᠠᠬᠤ ᠠᠵᠢᠯ ᠢ ᠰᠠᠶᠢᠲᠤᠷ ᠬᠢᠵᠦ᠂ ᠬᠢᠨᠠᠨ ᠰᠢᠯᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ | ᠬᠠᠮᠢᠶᠠᠷᠤᠯᠲᠠ ᠶᠢᠨ ᠲᠦᠭᠰᠢᠭᠦᠷᠢ ᠶᠢ ᠰᠡᠷᠭᠡᠶᠢᠯᠡᠵᠦ᠂ ᠨᠥᠬᠦᠪᠥᠷᠢ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠤᠯᠠᠮ ᠨᠢᠭᠡ ᠠᠯᠬᠤᠮ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠶᠢᠨ ᠲᠤᠰᠠᠳᠠ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ | ᠮᠠᠰᠢᠨ ᠪᠠᠭᠠᠵᠢ ᠬᠤᠳᠠᠯᠳᠤᠨ ᠠᠪᠬᠤ ᠳᠤ ᠲᠠᠩᠰᠠ ᠣᠷᠣᠭᠤᠯᠬᠤ ᠵᠢᠷᠤᠮᠵᠢᠯ ᠬᠢᠭᠡᠳ ᠬᠢᠨᠠᠨ ᠰᠢᠯᠭᠠᠬᠤ ᠠᠵᠢᠯ ᠤᠨ | ᠭᠤᠤᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠶᠢᠨ | ᠮᠠᠰᠢᠨ ᠲᠣᠪᠴᠢᠶ᠎ᠠ ᠲᠠᠷᠬᠠᠭᠠᠭᠰᠠᠨ ﹇2019﹈ 23 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ | ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠣᠳᠠᠲᠠᠶ ᠪᠠᠶᠢᠳᠠᠯ ᠢ ᠳ᠋ᠦᠩᠨᠡᠵᠦ᠂ ᠬᠢᠨᠠᠨ ᠰᠢᠯᠭᠠᠬᠤ | ᠠᠵᠢᠯ ᠤᠨ ᠵᠢᠷᠤᠮᠵᠢᠯ ᠢ ᠲᠣᠭᠲᠠᠭᠠᠪᠠ᠃ | ᠨᠢᠭᠡ᠂ ᠬᠠᠷᠭᠤᠭᠤᠯᠤᠨ ᠰᠢᠯᠭᠠᠬᠤ ᠠᠭᠤᠯᠭ᠎ᠠ | ᠣᠷᠣᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠤ ᠶᠠᠪᠤᠳᠠᠯ ᠤᠨ ᠲᠣᠪᠴᠢᠶ᠎ᠠ ᠵᠢᠴᠢ ᠵᠡᠭᠡᠯᠢ | ᠪᠠᠯᠭᠠᠰᠤ ᠨᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠡᠷᠬᠢᠯᠡᠵᠦ ᠪᠠᠶᠢᠭ᠎ᠠ ᠬᠤᠪᠢ ᠬᠥᠮᠦᠨ ᠪᠠ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ︵ᠳᠣᠷᠣᠭᠰᠢ ︽ | ᠮᠠᠰᠢᠨ ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ | ᠨᠥᠬᠦᠪᠥᠷᠢ ᠥᠭᠬᠦ ᠪᠠᠷ ᠭᠤᠶᠤᠴᠢᠯᠠᠨ ᠮᠡᠳᠡᠭᠦᠯᠬᠦ ᠦᠶ᠎ᠡ ᠳᠤ ᠬᠠᠩᠭᠠᠭᠰᠠᠨ ᠬᠠᠮᠢᠶ᠎ᠠ ᠪᠥᠬᠦᠶ ᠮᠠᠲ᠋ᠧᠷᠢᠶᠠᠯ ᠳᠤ | ᠬᠡᠯᠪᠡᠷᠢ ᠶᠢᠨ ᠬᠢᠨᠠᠨ ᠬᠠᠷᠭᠤᠭᠤᠯᠤᠯᠲᠠ ᠬᠢᠵᠦ᠂ ᠮᠠᠰᠢᠨ ᠪᠠᠭᠠᠵᠢ ᠳᠤ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃ | ᠬᠠᠷᠭᠤᠭᠤᠯᠤᠨ ᠪᠠᠢᠴᠠᠭᠠᠬᠤ ᠭᠤᠣᠯ ᠠᠭᠤᠯᠭ᠎ᠠ ᠳᠤ᠄ | ︵ᠨᠢᠭᠡ︶ ᠮᠠᠰᠢᠨ ᠬᠤᠳᠠᠯᠳᠤᠨ ᠠᠪᠤᠭᠴᠢ ᠶᠢᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ᠃ ᠬᠤᠪᠢ ᠬᠥᠮᠦᠨ ᠤ | ᠪᠡᠶ᠎ᠡ ᠶᠢᠨ ᠦᠨᠡᠮᠯᠡᠯ ᠪᠤᠶᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ | ᠪᠠᠶᠢᠭᠤᠯᠤᠯᠲᠠ ᠶᠢᠨ ᠣᠷᠣᠨ ᠤ ᠢᠳᠡᠭᠡᠨ ᠪᠠ ᠡᠮ ᠤᠨ ᠵᠦᠢᠯ ᠤᠨ ᠦᠢᠯᠡᠳᠪᠦᠷᠢ ᠬᠤᠳᠠᠯᠳᠤᠭ᠎ᠠ ᠡᠵᠡᠩᠨᠡᠯᠲᠡ ᠶᠢᠨ | ᠦᠨᠡᠮᠯᠡᠯ ᠣᠯᠭᠤᠨ᠎ᠠ ︵ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ᠃︶ ᠵᠢᠴᠢ ᠲᠡᠭᠦᠨ ᠤ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠬᠥᠮᠦᠨ ᠤ ᠪᠡᠶ᠎ᠡ ᠶᠢᠨ ᠦᠨᠡᠮᠯᠡᠯ ᠵᠡᠷᠭᠡ ᠮᠡᠳᠡᠭᠡ ᠵᠠᠩᠭᠢ︔ | ︵ᠬᠤᠶᠠᠷ︶ ᠮᠡᠳᠡᠭᠡ ᠵᠠᠩᠭᠢ ᠬᠤᠳᠠᠯᠳᠤᠨ ᠠᠪᠬᠤ᠃ ᠨᠥᠬᠦᠪᠥᠷᠢ ᠥᠭᠬᠦ ᠮᠠᠰᠢᠨ ᠪᠠᠭᠠᠵᠢ ᠶᠢᠨ ᠭᠠᠶᠢᠯᠢ | ᠬᠢᠵᠠᠭᠠᠷᠯᠠᠬᠤ ᠪᠠᠷᠢᠮᠲᠠ ᠵᠡᠷᠭᠡ ᠮᠡᠳᠡᠭᠡ ᠵᠠᠩᠭᠢ ᠶᠢ ᠬᠤᠳᠠᠯᠳᠤᠨ ᠠᠪᠤᠨ᠎ᠠ︔ | ︵ᠭᠤᠷᠪᠠ︶ ᠮᠠᠰᠢᠨ ᠪᠠᠭᠠᠵᠢ ᠶᠢᠨ ᠮᠡᠳᠡᠭᠡ ᠵᠠᠩᠭᠢ᠃ ᠮᠠᠰᠢᠨ ᠪᠠᠭᠠᠵᠢ ᠶᠢᠨ ᠪᠣᠳᠠᠲᠤ ᠪᠤᠳᠠᠰ ᠳᠡᠭᠡᠷᠡᠬᠢ | ᠲᠣᠭᠲᠠᠮᠠᠯ ᠫᠠᠶᠢᠰᠠ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠠᠮᠢᠶᠠᠷᠤᠯᠲᠠ ᠶᠢᠨ | ᠰᠢᠰᠲ᠋ᠧᠮ ᠤᠨ ᠬᠠᠷᠠᠭᠠᠯᠵᠠᠭᠰᠠᠨ ᠮᠠᠰᠢᠨ ᠪᠠᠭᠠᠵᠢ ᠶᠢᠨ ᠮᠡᠳᠡᠭᠡ ᠵᠠᠩᠭᠢ᠂ ᠫᠠᠶᠢᠰᠠ ᠦᠨᠡᠮᠯᠡᠯ ᠤᠨ ᠬᠠᠮᠢᠶᠠᠷᠤᠯᠲᠠ ᠶᠢᠨ | ᠮᠠᠰᠢᠨ ᠪᠠᠭᠠᠵᠢ ᠶᠢᠨ ᠵᠠᠮ ᠳᠤ ᠭᠠᠷᠬᠤ ᠦᠨᠡᠮᠯᠡᠯ ᠤᠨ ᠮᠡᠳᠡᠭᠡ ᠵᠠᠩᠭᠢ ᠵᠡᠷᠭᠡ︔ | ︵ᠳᠥᠷᠪᠡ︶ ᠪᠤᠰᠤᠳ ᠮᠡᠳᠡᠭᠡ ᠵᠠᠩᠭᠢ᠃ ᠮᠠᠰᠢᠨ ᠬᠤᠳᠠᠯᠳᠤᠨ ᠠᠪᠤᠭᠴᠢ ᠳᠤ ᠠᠰᠢᠭ ᠬᠦᠷᠲᠡᠭᠡᠬᠦ | ᠨᠡᠶᠢᠭᠡᠮ ᠤᠨ ᠳᠠᠭᠠᠳᠬᠠᠯ ᠤᠨ ᠺᠠᠷᠲ ︵ᠮᠧᠩ ᠱᠠᠩ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ︶ ᠳᠠᠩᠰᠠᠨ | ᠨᠣᠮᠧᠷ᠂ ᠳᠠᠩᠰᠠ ᠪᠠᠶᠢᠭᠤᠯᠤᠭᠰᠠᠨ ᠨᠡᠷ᠎ᠡ ᠵᠡᠷᠭᠡ ᠮᠡᠳᠡᠭᠡ ᠵᠠᠩᠭᠢ ᠵᠢᠴᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠱᠠᠭᠠᠷᠳᠠᠯᠭ᠎ᠠ ᠪᠠᠷ ᠬᠠᠩᠭᠠᠭᠰᠠᠨ ᠪᠤᠰᠤᠳ ᠴᠢᠬᠤᠯᠠ ᠪᠦᠬᠦᠢ ᠮᠡᠳᠡᠭᠡ ᠵᠠᠩᠭᠢ᠃ | ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ | ᠪᠦᠲᠦᠮᠵᠢᠲᠦ ᠴᠢᠨᠠᠷ ᠢ ᠮᠠᠰᠢᠨ ᠬᠤᠳᠠᠯᠳᠤᠨ ᠠᠪᠤᠭᠴᠢ᠂ ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ | ᠪᠣᠯᠤᠨ ᠲᠠᠷᠢᠶᠠᠯᠠᠩ ᠤᠨ ᠮᠠᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰ ᠲᠤᠰ ᠬᠠᠷᠢᠭᠤᠴᠠᠬᠤ ᠶᠢᠨ | ᠬᠠᠮᠲᠤ ᠵᠣᠬᠢᠴᠠᠩᠭᠤᠶ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ | ᠬᠤᠶᠠᠷ᠂ ᠬᠠᠷᠭᠤᠭᠤᠯᠤᠨ ᠰᠢᠯᠭᠠᠬᠤ ᠵᠢᠷᠤᠮ ᠵᠢᠴᠢ ᠱᠠᠭᠠᠷᠳᠠᠯᠭ᠎ᠠ | ︵ᠨᠢᠭᠡ︶ ᠡᠷᠭᠦᠳᠡᠯ ᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠮᠠᠰᠢᠨ ᠬᠤᠳᠠᠯᠳᠤᠨ ᠠᠪᠤᠭᠴᠢ ᠶᠢᠨ | ᠡᠵᠡᠨ ᠮᠡᠳᠡᠵᠦ ᠨᠥᠬᠦᠪᠥᠷᠢ ᠥᠭᠬᠦ ᠭᠤᠶᠤᠴᠢᠯᠠᠯ ᠢ ᠣᠷᠣᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ | ᠠᠰᠢᠭᠯᠠᠯᠲᠠ ᠶᠢᠨ ᠲᠣᠪᠴᠢᠶ᠎ᠠ ᠲᠣᠭᠲᠠᠭᠠᠯ ᠶᠣᠰᠣᠭᠠᠷ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠬᠦ | ᠬᠡᠷᠡᠭᠲᠡᠶ᠃ ᠪᠦᠬᠦ ᠲᠠᠯ᠎ᠠ ᠪᠠᠷ ᠭᠠᠷ ᠤᠲᠠᠰᠤᠨ ᠤ APP᠂ ︽ᠨᠢᠭᠡ ᠥᠷᠲᠡᠭᠡᠨ ᠤ ᠮᠠᠶ᠋ᠢᠭ︾ ᠤᠨ | ᠦᠢᠯᠡᠴᠢᠯᠡᠭᠡᠨ ᠤ ᠴᠣᠩᠬᠤᠪᠴᠢ ᠵᠡᠷᠭᠡ ᠳᠥᠭᠦᠮ ᠳᠥᠲᠡ ᠥᠨᠳᠥᠷ ᠪᠦᠲᠦᠮᠵᠢᠲᠡᠶ ᠠᠷᠭ᠎ᠠ ᠮᠠᠶ᠋ᠢᠭ ᠢᠶᠠᠷ | ᠳᠠᠮᠵᠢᠭᠤᠯᠤᠨ ᠨᠥᠬᠦᠪᠥᠷᠢ ᠣᠯᠭᠤᠬᠤ ᠪᠠ ᠭᠤᠶᠤᠴᠢᠯᠠᠨ ᠠᠪᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ | ︵ᠬᠤᠶᠠᠷ︶ ᠮᠠᠲ᠋ᠧᠷᠢᠶᠠᠯ ᠢ ᠬᠠᠷᠭᠤᠭᠤᠯᠤᠨ ᠬᠢᠨᠠᠬᠤ᠃ ᠨᠢᠭᠡ ᠳᠤ ᠮᠠᠰᠢᠨ ᠬᠤᠳᠠᠯᠳᠤᠨ ᠠᠪᠤᠭᠴᠢ ᠵᠢᠴᠢ | ᠲᠡᠭᠦᠨ ᠤ ᠪᠡᠶ᠎ᠡ ᠶᠢᠨ ᠭᠠᠷᠤᠯ᠂ ᠮᠠᠰᠢᠨ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠵᠡᠷᠭᠡ | ᠮᠠᠲ᠋ᠧᠷᠢᠶᠠᠯ᠃ ᠮᠠᠰᠢᠨ ᠬᠤᠳᠠᠯᠳᠤᠨ ᠠᠪᠤᠭᠴᠢ ᠨᠢ ᠬᠤᠪᠢ ᠬᠥᠮᠦᠨ ᠪᠠᠶᠢᠪᠠᠯ᠂ ᠮᠠᠰᠢᠨ ᠬᠤᠳᠠᠯᠳᠤᠨ ᠠᠪᠤᠭᠴᠢ ᠶᠢᠨ | ᠲᠤᠰ ᠬᠥᠮᠦᠨ ᠬᠢᠭᠡᠳ ᠲᠡᠭᠦᠨ ᠤ ᠪᠡᠶ᠎ᠡ ᠶᠢᠨ ᠦᠨᠡᠮᠯᠡᠯ ᠤᠨ ᠬᠥᠷᠥᠭ ᠵᠢᠷᠤᠭ ᠲᠠᠢ ᠨᠡᠶᠢᠴᠡᠬᠦ ᠡᠰᠡᠬᠦ ᠶᠢ | ᠭᠤᠤᠯᠳᠠᠯᠭ᠎ᠠ ᠲᠠᠢ ᠬᠢᠨᠠᠨ ᠰᠢᠯᠭᠠᠵᠤ᠂ ᠮᠠᠰᠢᠨ ᠬᠤᠳᠠᠯᠳᠤᠨ ᠠᠪᠤᠭᠴᠢ ᠶᠢᠨ ᠣᠪᠣᠭ ᠨᠡᠷ᠎ᠡ ᠬᠢᠭᠡᠳ ᠮᠠᠰᠢᠨ | ᠬᠤᠳᠠᠯᠳᠤᠨ ᠠᠪᠤᠭᠴᠢ ᠶᠢᠨ ᠪᠡᠶ᠎ᠡ ᠶᠢᠨ ᠦᠨᠡᠮᠯᠡᠯ ᠤᠨ ᠦᠨᠡᠮᠯᠡᠯ ᠯᠦᠭᠡ ᠨᠢ ᠠᠳᠠᠯᠢ ᠡᠰᠡᠬᠦ ᠃ ᠬᠤᠶᠠᠷ ᠲᠤ᠂ | ᠲᠠᠷᠢᠶᠠᠴᠢᠳ ᠲᠤ ᠠᠰᠢᠭ ᠬᠦᠷᠲᠡᠭᠡᠬᠦ ᠨᠡᠶᠢᠭᠡᠮ ᠤᠨ ᠳᠠᠭᠠᠳᠬᠠᠯ ᠤᠨ ᠺᠠᠷᠲ ᠵᠡᠷᠭᠡ ᠮᠠᠲ᠋ᠧᠷᠢᠶᠠᠯ᠃ ᠮᠠᠰᠢᠨ | ᠬᠤᠳᠠᠯᠳᠤᠨ ᠠᠪᠤᠭᠴᠢ ᠶᠢᠨ ᠲᠠᠭᠯᠠᠭᠰᠠᠨ ᠲᠠᠷᠢᠶᠠᠴᠢᠳ ᠲᠤ ᠠᠰᠢᠭ ᠬᠦᠷᠲᠡᠭᠡᠬᠦ ᠨᠡᠶᠢᠭᠡᠮ ᠤᠨ ᠪᠠᠲᠤᠯᠠᠭ᠎ᠠ ᠶᠢᠨ | ᠺᠠᠷᠲ ᠤᠨ ᠨᠣᠮᠧᠷ᠂ ᠳᠠᠩᠰᠠ ᠨᠡᠭᠡᠭᠡᠭᠰᠡᠨ ᠨᠡᠷ᠎ᠡ ᠵᠡᠷᠭᠡ ᠮᠡᠳᠡᠭᠡ ᠵᠠᠩᠭᠢ ᠶᠢ ᠲᠡᠭᠦᠨ ᠤ ᠠᠪᠴᠤ ᠪᠠᠶᠢᠭ᠎ᠠ ᠨᠡᠶᠢᠭᠡᠮ ᠤᠨ | ᠪᠠᠲᠤᠯᠠᠭ᠎ᠠ ᠶᠢᠨ ᠺᠠᠷᠲ ᠤᠨ ᠢᠯᠡᠷᠡᠭᠦᠯᠦᠭᠰᠡᠨ ᠳᠠᠩᠰᠠᠨ ᠤ ᠨᠣᠮᠧᠷ᠂ ᠪᠡᠶ᠎ᠡ ᠶᠢᠨ ᠦᠨᠡᠮᠯᠡᠯ ᠤᠨ ᠭᠡᠷᠡᠴᠢ | ᠢᠯᠡᠷᠡᠭᠦᠯᠦᠭᠰᠡᠨ ᠮᠠᠰᠢᠨ ᠬᠤᠳᠠᠯᠳᠤᠨ ᠠᠪᠤᠭᠴᠢ ᠶᠢᠨ ᠣᠪᠣᠭ ᠨᠡᠷ᠎ᠡ᠂ ᠤᠷᠤᠨ ᠤ ᠢᠳᠡᠭᠡᠨ ᠪᠠ ᠡᠮ ᠤᠨ | ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠳᠤ ᠢᠯᠡᠷᠡᠭᠦᠯᠦᠭᠰᠡᠨ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠨᠢ ᠠᠳᠠᠯᠢ ᠡᠰᠡᠬᠦ ᠶᠢ | ᠭᠤᠣᠯᠳᠠᠯᠭ᠎ᠠ ᠲᠠᠢ ᠬᠢᠨᠠᠨ ᠰᠢᠯᠭᠠᠬᠤ ᠬᠡᠷᠡᠭᠲᠡᠢ᠃ ᠭᠤᠷᠪᠠ ᠳᠤ ᠮᠠᠰᠢᠨ ᠬᠤᠳᠠᠯᠳᠤᠨ ᠠᠪᠬᠤ ᠦᠨ᠎ᠡ ᠬᠠᠩᠰᠢ ᠶᠢᠨ | ᠦᠨᠡᠨ ᠪᠣᠳᠠᠲᠤ ᠴᠢᠨᠠᠷ ᠤᠨ ᠠᠮᠠᠯᠠᠯᠲᠠ᠃ ᠮᠠᠰᠢᠨ ᠬᠤᠳᠠᠯᠳᠤᠨ ᠠᠪᠤᠭᠴᠢ ᠳᠤ ᠮᠠᠰᠢᠨ ᠬᠤᠳᠠᠯᠳᠤᠨ ᠠᠪᠬᠤ | ᠭᠠᠶᠢᠯᠢ ᠶᠢᠨ ᠡᠵᠡᠮᠳᠡᠯ ᠤᠨ ᠪᠠᠷᠢᠮᠲᠠ ᠳᠡᠭᠡᠷᠡᠬᠢ ᠮᠠᠰᠢᠨ ᠬᠤᠳᠠᠯᠳᠤᠨ ᠠᠪᠬᠤ ᠵᠣᠭᠤᠰ ᠤᠨ ᠲᠤᠭ᠎ᠠ ᠬᠢᠭᠡᠳ | ᠪᠣᠳᠠᠲᠠᠶ ᠪᠠᠷ ᠪᠦᠬᠦᠨ ᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠳᠤ ᠥᠭᠭᠦᠭᠰᠡᠨ ᠪᠡᠯᠡ ᠮᠥᠩᠭᠦ ᠨᠢ ᠨᠢᠭᠡᠳᠦᠯᠲᠡᠶ | ᠪᠠᠶᠢᠬᠤ ᠡᠰᠡᠬᠦ ᠵᠢᠴᠢ ᠨᠢᠭᠤᠨ ᠳᠠᠯᠳᠠᠯᠠᠵᠤ᠂ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠠᠳ ᠡᠭᠦᠷᠭᠡᠯᠡᠬᠦ | ᠴᠢᠬᠤᠯᠠᠲᠠᠶ ᠲᠣᠭᠲᠠᠭᠠᠯ ᠠᠴᠠ ᠵᠥᠷᠢᠴᠡᠭᠰᠡᠨ ᠬᠠᠷᠢᠭᠤᠴᠠᠯᠭ᠎ᠠ ᠶᠢ ᠮᠡᠳᠡᠭᠳᠡᠵᠦ᠂ ᠮᠠᠰᠢᠨ ᠬᠤᠳᠠᠯᠳᠤᠨ ᠠᠪᠤᠭᠴᠢ ᠳᠤ | ᠮᠠᠰᠢᠨ ᠬᠤᠳᠠᠯᠳᠤᠨ ᠠᠪᠬᠤ ᠦᠨ᠎ᠡ ᠬᠠᠩᠰᠢ ᠶᠢᠨ ᠦᠨᠡᠨ ᠪᠣᠳᠠᠲᠤ ᠴᠢᠨᠠᠷ ᠲᠤ ᠭᠠᠷ ᠤᠨ ᠦᠰᠦᠭ ᠵᠢᠷᠤᠵᠤ | ᠨᠤᠲᠠᠯᠠᠬᠤ ᠶᠢ ᠰᠠᠨᠠᠭᠤᠯᠬᠤ ᠬᠡᠷᠡᠭᠲᠡᠶ᠃ ᠳᠥᠷᠪᠡ ᠳᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠱᠠᠭᠠᠷᠳᠠᠯᠭ᠎ᠠ ᠳᠤ | ᠬᠠᠩᠭᠠᠭᠰᠠᠨ ᠪᠤᠰᠤᠳ ᠮᠠᠲ᠋ᠧᠷᠢᠶᠠᠯ᠃ | ᠬᠢᠨᠠᠨ ᠰᠢᠯᠭᠠᠬᠤ ᠪᠠᠷ ᠳᠠᠮᠵᠢᠭᠠᠳ ᠦᠭᠡᠶ ᠪᠣᠯ ᠣᠯᠵᠤ ᠮᠡᠳᠡᠭᠰᠡᠨ ᠠᠰᠠᠭᠤᠳᠠᠯ ᠢᠶᠠᠨ ᠮᠠᠰᠢᠨ ᠬᠤᠳᠠᠯᠳᠤᠨ | ᠠᠪᠤᠭᠴᠢ ᠳᠤ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠶᠢᠨ ᠬᠠᠮᠲᠤ ᠠᠷᠭ᠎ᠠ ᠪᠠᠨ ᠲᠡᠭᠦᠯᠳᠡᠷᠵᠢᠭᠦᠯᠬᠦ ᠬᠡᠷᠡᠭᠲᠡᠶ᠃ | ︵ᠭᠤᠷᠪᠠ ︶ ᠮᠠᠰᠢᠨ ᠪᠠᠭᠠᠵᠢ ᠬᠢᠨᠠᠨ ᠰᠢᠯᠭᠠᠬᠤ᠃ ᠨᠢᠭᠡ ᠳᠤ ᠭᠤᠤᠯᠳᠠᠯᠭ᠎ᠠ ᠲᠠᠢ ᠮᠠᠰᠢᠨ ᠪᠠᠭᠠᠵᠢ ᠶᠢ ᠬᠢᠨᠠᠨ | ᠰᠢᠯᠭᠠᠬᠤ ᠬᠡᠷᠡᠭᠲᠡᠶ᠃ ᠮᠠᠰᠢᠨ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠳᠤ ᠢᠯᠡᠷᠡᠭᠦᠯᠦᠭᠰᠡᠨ | ᠮᠠᠰᠢᠨ ᠪᠠᠭᠠᠵᠢ ᠶᠢᠨ ᠨᠡᠷᠡᠶᠢᠳᠦᠯ᠂ ᠦᠢᠯᠡᠳᠪᠦᠷᠢᠯᠡᠯ ᠤᠨ ᠠᠵᠤ ᠠᠬᠤᠶᠢᠯᠠᠯ᠂ ᠬᠡᠯᠪᠡᠷᠢ᠂ ᠬᠥᠳᠡᠯᠭᠡᠭᠦᠷ ᠢ ᠬᠢᠨᠠᠨ | ᠰᠢᠯᠭᠠᠬᠤ ᠦᠭᠡᠢ ︵ᠳᠠᠶᠢᠴᠢᠯᠠᠬᠤ ᠬᠥᠳᠡᠯᠭᠡᠭᠦᠷ ᠢ ᠬᠢᠨᠠᠨ ᠰᠢᠯᠭᠠᠬᠤ ᠦᠭᠡᠢ ᠪᠣᠯ ᠬᠢᠨᠠᠨ ᠰᠢᠯᠭᠠᠵᠤ ᠪᠣᠯᠣᠨ᠎ᠠ︶ | ᠦᠢᠯᠡᠳᠪᠦᠷᠢ ᠠᠴᠠ ᠭᠠᠷᠭᠠᠬᠤ ᠨᠣᠮᠧᠷ ᠬᠢᠭᠡᠳ ᠬᠤᠳᠠᠯᠳᠤᠨ ᠠᠪᠤᠭᠰᠠᠨ ᠪᠣᠳᠠᠲᠤ ᠶᠠᠭᠤᠮ᠎ᠠ ᠶᠢᠨ ᠮᠠᠰᠢᠨ | ᠪᠠᠭᠠᠵᠢ ᠶᠢᠨ ᠫᠠᠶᠢᠰᠠ ᠢᠯᠡᠷᠡᠭᠦᠯᠦᠭᠰᠡᠨ ᠮᠡᠳᠡᠭᠡ ᠵᠠᠩᠭᠢ ᠨᠢ ᠨᠢᠭᠡᠳᠦᠯᠲᠡᠶ ᠪᠠᠶᠢᠬᠤ ᠡᠰᠡᠬᠦ᠂ ᠬᠤᠳᠠᠯᠳᠤᠨ ᠠᠪᠤᠭᠰᠠᠨ | ᠪᠣᠳᠠᠲᠤ ᠶᠠᠭᠤᠮ᠎ᠠ ᠶᠢᠨ ᠮᠠᠰᠢᠨ ᠪᠠᠭᠠᠵᠢ ᠶᠢᠨ ᠫᠠᠶᠢᠰᠠ ᠢᠯᠡᠷᠬᠡᠶᠢᠯᠡᠯ ᠤᠨ ᠮᠡᠳᠡᠭᠡ ᠵᠠᠩᠭᠢ ᠨᠢ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤ ᠨᠥᠬᠦᠪᠥᠷᠢ ᠥᠭᠬᠦ ᠬᠠᠮᠢᠶᠠᠷᠤᠯᠲᠠ ᠶᠢᠨ ᠰᠢᠰᠲ᠋ᠧᠮ ᠤᠨ ᠳᠣᠲᠣᠷᠠᠬᠢ ᠬᠠᠷᠠᠭᠠᠯᠵᠠᠭᠰᠠᠨ | ᠮᠠᠰᠢᠨ ᠪᠠᠭᠠᠵᠢ ᠶᠢᠨ ᠮᠡᠳᠡᠭᠡ ᠵᠠᠩᠭᠢ ᠯᠤᠭ᠎ᠠ ᠨᠢᠭᠡᠳᠦᠯᠲᠡᠶ ᠪᠠᠶᠢᠬᠤ ᠡᠰᠡᠬᠦ᠂ ᠮᠠᠰᠢᠨ ᠬᠤᠳᠠᠯᠳᠤᠨ ᠠᠪᠬᠤ ᠳᠤ | ᠭᠠᠶᠢᠯᠢ ᠡᠵᠡᠮᠳᠡᠬᠦ ᠪᠠᠷᠢᠮᠲᠠ ᠳᠤ ᠢᠯᠡᠷᠡᠭᠦᠯᠦᠭᠰᠡᠨ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠬᠢᠭᠡᠳ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮ ᠤᠨ | ᠳᠣᠲᠣᠷᠠᠬᠢ ᠬᠠᠷᠠᠭᠠᠯᠵᠠᠭᠰᠠᠨ ᠡᠵᠡᠩᠨᠡᠨ ᠪᠣᠷᠣᠯᠠᠭᠤᠯᠤᠭᠰᠠᠨ ᠮᠡᠳᠡᠭᠡ ᠵᠠᠩᠭᠢ ᠨᠢ ᠨᠢᠭᠡᠳᠦᠯᠲᠡᠶ ᠪᠠᠶᠢᠬᠤ ᠡᠰᠡᠬᠦ᠃ | ᠫᠠᠶᠢᠰᠠ ᠲᠡᠮᠳᠡᠭ ᠤᠨ ᠬᠠᠮᠢᠶᠠᠷᠤᠯᠲᠠ ᠶᠢᠨ ᠮᠠᠰᠢᠨ ᠪᠠᠭᠠᠵᠢ ᠳᠤ᠂ ᠲᠤᠬᠠᠶ ᠶᠢᠨ ᠲᠠᠯᠠᠪᠤᠷ ᠲᠤ ᠪᠣᠳᠠᠲᠤ ᠶᠠᠭᠤᠮ᠎ᠠ ᠪᠠᠷ | ᠬᠢᠨᠠᠨ ᠰᠢᠯᠭᠠᠬᠤ ᠠᠴᠠ ᠭᠡᠯᠳᠦᠷᠢᠭᠦᠯᠦᠨ᠎ᠡ᠂ ᠭᠡᠪᠡᠴᠦ ᠮᠠᠰᠢᠨ ᠬᠤᠳᠠᠯᠳᠤᠨ ᠠᠪᠤᠭᠴᠢ ᠶᠢᠨ ᠠᠪᠴᠤ ᠶᠠᠪᠤᠭ᠎ᠠ ︽ | ᠲᠷᠠᠺᠲ᠋ᠣᠷ ᠪᠠ ᠬᠠᠳᠤᠵᠤ ᠬᠤᠷᠢᠶᠠᠬᠤ ᠬᠠᠮ ᠮᠠᠰᠢᠨ ᠤ ᠲᠡᠷᠭᠡ ᠶᠠᠪᠤᠭᠤᠯᠬᠤ ᠦᠨᠡᠮᠯᠡᠯ︾ ᠤᠨ ᠮᠡᠳᠡᠭᠡ ᠵᠠᠩᠭᠢ | ᠬᠢᠭᠡᠳ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠢᠨᠠᠨ ᠬᠠᠮᠢᠶᠠᠷᠬᠤ ᠰᠢᠰᠲ᠋ᠧᠮ ᠤᠨ ᠫᠠᠶᠢᠰᠠ ᠲᠡᠮᠳᠡᠭ ᠤᠨ | ᠮᠡᠳᠡᠭᠡ ᠵᠠᠩᠭᠢ᠂ ᠮᠠᠰᠢᠨ ᠪᠠᠭᠠᠵᠢ ᠶᠢᠨ ᠮᠡᠳᠡᠭᠡ ᠵᠠᠩᠭᠢ ᠨᠢ ᠨᠢᠭᠡᠳᠦᠯᠲᠡᠶ ᠪᠠᠶᠢᠬᠤ ᠡᠰᠡᠬᠦ᠂ ᠮᠠᠰᠢᠨ ᠬᠤᠳᠠᠯᠳᠤᠨ | ᠠᠪᠤᠭᠰᠠᠨ ᠭᠠᠶᠢᠯᠢ ᠶᠢᠨ ᠡᠵᠡᠮᠳᠡᠯ ᠤᠨ ᠪᠠᠷᠢᠮᠲᠠ ᠳᠤ ᠢᠯᠡᠷᠡᠭᠦᠯᠦᠭᠰᠡᠨ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ | ᠬᠢᠭᠡᠳ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠤᠰᠠᠯᠠᠬᠤ ᠬᠠᠮᠢᠶᠠᠷᠤᠯᠲᠠ ᠶᠢᠨ | ᠰᠢᠰᠲ᠋ᠧᠮ ᠤᠨ ᠳᠣᠲᠣᠷᠠᠬᠢ ᠬᠠᠷᠠᠭᠠᠯᠵᠠᠭᠰᠠᠨ ᠡᠵᠡᠩᠨᠡᠨ ᠪᠣᠷᠣᠯᠠᠭᠤᠯᠬᠤ ᠮᠡᠳᠡᠭᠡ ᠵᠠᠩᠭᠢ ᠨᠢ ᠨᠢᠭᠡᠳᠦᠯᠲᠡᠶ ᠪᠠᠶᠢᠬᠤ | ᠡᠰᠡᠬᠦ ᠶᠢ ᠬᠢᠨᠠᠨ ᠰᠢᠯᠭᠠᠬᠤ ᠬᠡᠷᠡᠭᠲᠡᠶ᠃ ᠬᠤᠶᠠᠷ ᠲᠤ ᠭᠤᠤᠯᠳᠠᠯᠭ᠎ᠠ ᠦᠭᠡᠢ ᠮᠠᠰᠢᠨ ᠬᠡᠷᠡᠭᠰᠡᠯ ᠢ ᠬᠢᠨᠠᠨ ᠰᠢᠯᠭᠠᠬᠤ᠃ | ᠨᠥᠬᠦᠪᠥᠷᠢ ᠶᠢᠨ ᠲᠤᠭ᠎ᠠ ᠨᠢ ᠨᠡᠯᠢᠶᠡᠳ ᠳᠣᠣᠷ᠎ᠠ᠂ ᠲᠦᠭᠰᠢᠭᠦᠷᠢ ᠶᠢ ᠡᠵᠡᠮᠳᠡᠵᠦ ᠪᠣᠯᠬᠤ ᠬᠡᠮᠵᠢᠶ᠎ᠡ ᠨᠢ ᠥᠨᠳᠥᠷ | ᠮᠠᠰᠢᠨ ᠪᠠᠭᠠᠵᠢ ᠳᠤ ᠨᠥᠬᠦᠪᠥᠷᠢ ᠪᠡᠯᠡ ᠮᠥᠩᠭᠦ ᠶᠢ ᠣᠯᠭᠤᠬᠤ ᠠᠴᠠ ᠡᠮᠦᠨ᠎ᠡ 100% ᠶᠢᠨ ᠬᠠᠷᠢᠴᠠᠯ ᠢᠶᠠᠷ ᠬᠢᠨᠠᠨ | ᠰᠢᠯᠭᠠᠵᠤ᠂ ᠬᠢᠨᠠᠨ ᠰᠢᠯᠭᠠᠭᠰᠠᠨ ᠠᠭᠤᠯᠭ᠎ᠠ ᠶᠢ ᠭᠤᠣᠯᠳᠠᠯᠭ᠎ᠠ ᠲᠠᠢ ᠮᠠᠰᠢᠨ ᠪᠠᠭᠠᠵᠢ ᠯᠤᠭ᠎ᠠ ᠬᠢᠨᠠᠨ ᠬᠠᠷᠭᠤᠭᠤᠯᠵᠤ | ᠪᠣᠯᠤᠨ᠎ᠠ᠃ | ᠲᠣᠰᠬᠤᠨ ᠪᠠ ᠡᠷᠦᠬᠡ ᠳᠤ ᠣᠷᠣᠬᠤ᠂ ᠤᠷᠢᠳᠴᠢᠯᠠᠨ ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠬᠢᠨᠠᠨ ᠰᠢᠯᠭᠠᠬᠤ ᠠᠵᠢᠯ ᠢ ᠥᠷᠨᠢᠭᠦᠯᠵᠦ᠂ ᠮᠠᠰᠢᠨ ᠬᠤᠳᠠᠯᠳᠤᠨ ᠠᠪᠤᠭᠴᠢ ᠵᠢᠴᠢ ᠪᠡᠯᠡᠳᠬᠡᠮᠵᠢ ᠤᠭᠰᠠᠷᠠᠬᠤ | ᠲᠥᠷᠥᠯ ᠤᠨ ᠮᠠᠰᠢᠨ ᠪᠠᠭᠠᠵᠢ ᠶᠢ ᠬᠢᠨᠠᠨ ᠰᠢᠯᠭᠠᠬᠤ ᠳᠤ ᠲᠥᠬᠦᠮ ᠦᠵᠡᠭᠦᠯᠦᠨ᠎ᠡ᠃ ᠬᠢᠨᠠᠨ ᠰᠢᠯᠭᠠᠭᠰᠠᠨ ᠦᠷ᠎ᠡ | ᠳ᠋ᠦᠩ ᠢ ᠬᠢᠨᠠᠨ ᠰᠢᠯᠭᠠᠬᠤ ᠬᠦᠮᠦᠨ ᠪᠣᠯᠤᠨ ᠮᠠᠰᠢᠨ ᠬᠤᠳᠠᠯᠳᠤᠨ ᠠᠪᠤᠭᠴᠢ ᠬᠤᠶᠠᠷ ᠲᠠᠯ᠎ᠠ ᠪᠠᠷ ᠢᠶᠠᠨ ᠭᠠᠷ ᠤᠨ | ᠦᠰᠦᠭ ᠵᠢᠷᠤᠵᠤ ᠨᠤᠲᠠᠯᠠᠬᠤ ᠬᠡᠷᠡᠭᠲᠡᠢ᠃ ᠬᠤᠶᠠᠷ ᠬᠦᠮᠦᠨ ᠰᠣᠯᠪᠢᠴᠠᠨ ᠬᠢᠨᠠᠨ ᠰᠢᠯᠭᠠᠬᠤ ᠪᠤᠶᠤ ᠬᠤᠪᠢ ᠬᠦᠮᠦᠨ | ᠬᠢᠨᠠᠨ ᠰᠢᠯᠭᠠᠬᠤ᠃ ᠭᠠᠭᠴᠠ ᠬᠦᠮᠦᠨ ᠣᠯᠠᠨ ᠰᠠᠭᠤᠷᠢ ᠢᠵᠢ᠂ ᠣᠬᠤᠷ ᠬᠤᠭᠤᠴᠠᠭᠠᠨ ᠤ ᠳᠣᠳᠣᠷ᠎ᠠ ᠶᠡᠭᠡ | ᠬᠡᠮᠵᠢᠶᠡᠨ ᠤ ᠬᠦᠮᠦᠨ ᠪᠠ ᠵᠢᠯ ᠳᠠᠷᠠᠭᠠᠯᠠᠨ ᠠᠳᠠᠯᠢ ᠲᠦᠷᠦᠯ ᠤᠨ ᠮᠠᠰᠢᠨ ᠪᠠᠭᠠᠵᠢ ᠬᠤᠳᠠᠯᠳᠤᠨ ᠠᠪᠬᠤ᠂ ᠣᠷᠣᠨ | ᠪᠦᠰᠡ ᠶᠢᠨ ᠲᠣᠬᠢᠷᠠᠯᠴᠠᠬᠤ ᠴᠢᠨᠠᠷ ᠢᠶᠠᠷ ᠠᠨᠠᠶ ᠮᠠᠰᠢᠨ ᠪᠠᠭᠠᠵᠢ ᠬᠤᠳᠠᠯᠳᠤᠨ ᠠᠪᠬᠤ ᠵᠡᠷᠭᠡ ᠬᠡᠪ ᠤᠨ ᠪᠣᠰᠤ | ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ | ᠬᠢᠨᠠᠨ ᠰᠢᠯᠭᠠᠬᠤ ᠪᠠᠷ ᠳᠠᠮᠵᠢᠭᠠᠳ ᠦᠭᠡᠶ ᠪᠣᠯ ᠣᠯᠵᠤ ᠮᠡᠳᠡᠭᠰᠡᠨ ᠠᠰᠠᠭᠤᠳᠠᠯ ᠢᠶᠠᠨ ᠮᠠᠰᠢᠨ ᠬᠤᠳᠠᠯᠳᠤᠨ | ᠠᠪᠤᠭᠴᠢ ᠳᠤ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠶᠢᠨ ᠬᠠᠮᠲᠤ ᠠᠷᠭ᠎ᠠ ᠪᠠᠨ ᠲᠡᠭᠦᠯᠳᠡᠷᠵᠢᠭᠦᠯᠬᠦ ᠬᠡᠷᠡᠭᠲᠡᠶ᠃ | ︵ᠲᠦᠷᠪᠡ︶ ᠳᠠᠬᠢᠨ ᠬᠢᠨᠠᠵᠤ ᠪᠥᠷᠢᠳᠬᠡᠭᠦᠯᠬᠦ ᠬᠡᠷᠡᠭᠲᠡᠢ᠃ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ᠂ | ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠳᠡᠰ ᠳᠠᠷᠠᠭᠠᠯᠠᠯ᠂ ᠠᠷᠭ᠎ᠠ ᠮᠠᠶ᠋ᠢᠭ ᠪᠠ ᠭᠠᠷ ᠤᠨ ᠥᠰᠥᠭ ᠵᠢᠷᠤᠵᠤ | ᠲᠠᠮᠠᠭ᠎ᠠ ᠳᠠᠷᠤᠭᠰᠠᠨ ᠵᠢᠷᠤᠮᠵᠢᠯ ᠤᠨ ᠴᠢᠨᠠᠷ ᠢ ᠬᠠᠮᠲᠤ ᠪᠠᠷ ᠳᠠᠬᠢᠨ ᠬᠢᠨᠠᠵᠤ᠂ ᠬᠠᠮᠲᠤ ᠪᠠᠷ ᠵᠥᠪᠳᠡᠯᠴᠡᠬᠦ ᠲᠠᠢ | ᠵᠡᠷᠭᠡ ᠪᠠᠷ ᠶᠠᠪᠤᠭᠳᠠᠭᠤᠯᠵᠤ᠂ ᠥᠩᠭᠡᠷᠡᠭᠦᠯᠦᠭᠰᠡᠨ ᠤ ᠳᠠᠷᠠᠭ᠎ᠠ ᠳᠡᠩᠰᠡᠯᠡᠨ ᠳᠡᠪᠲᠡᠷᠯᠡᠵᠦ ᠪᠣᠯᠤᠨ᠎ᠠ᠃ | ︵ᠲᠠᠪᠤ︶ ᠵᠠᠷᠯᠠᠨ ᠨᠡᠶᠢᠲᠡᠯᠡᠵᠦ ᠮᠡᠳᠡᠭᠦᠯᠦᠨ ᠬᠦᠷᠭᠡᠬᠦ᠃ ᠳᠠᠬᠢᠨ ᠬᠢᠨᠠᠬᠤ ᠪᠠᠷ ᠳᠠᠮᠵᠢᠭᠤᠯᠤᠨ ᠨᠥᠬᠦᠪᠥᠷᠢ | ᠭᠤᠶᠤᠴᠢᠯᠠᠬᠤ ᠮᠡᠳᠡᠭᠡ ᠵᠠᠩᠭᠢ ᠶᠢ 30 ᠡᠳᠦᠷ ᠠᠴᠠ ᠳᠤᠲᠠᠭᠤ ᠪᠠᠶᠢᠵᠤ ᠵᠠᠷᠯᠠᠨ ᠨᠡᠶᠢᠲᠡᠯᠡᠵᠦ᠂ ᠢᠯᠡ ᠨᠡᠶᠢᠲᠡᠯᠡᠭᠡᠳ | ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ ᠲᠤᠭᠤᠷᠢᠭ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ | ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ | ︵ᠵᠢᠷᠭᠤᠭ᠎ᠠ︶ ᠮᠠᠲ᠋ᠧᠷᠢᠶᠠᠯ ᠢ ᠰᠢᠢᠳᠪᠦᠷᠢᠯᠡᠬᠦ᠃ ᠣᠷᠣᠨ ᠤ ᠡᠳ᠋ ᠤᠨ ᠵᠠᠰᠠᠭ ᠮᠥᠩᠭᠦᠨ ᠭᠦᠢᠯᠭᠡᠭᠡᠨ ᠤ | ᠲᠣᠪᠴᠢᠶ᠎ᠠ ᠶᠢᠨ ᠰᠡᠵᠢᠭ ᠲᠠᠢ ᠨᠥᠬᠦᠪᠥᠷᠢ ᠶᠢᠨ ᠭᠤᠶᠤᠴᠢᠯᠠᠯ ᠢ ᠬᠢᠨᠠᠨ ᠰᠢᠯᠭᠠᠭᠰᠠᠨ ᠮᠠᠲ᠋ᠧᠷᠢᠶᠠᠯ ᠢᠶᠠᠨ ᠦᠯᠡᠳᠡᠭᠡᠨ | ᠬᠠᠳᠠᠭᠠᠯᠠᠵᠤ ᠬᠡᠷᠡᠭᠯᠡᠬᠦ ᠪᠠᠷ ᠪᠡᠯᠡᠳᠬᠡᠨ ᠪᠠᠶᠢᠴᠠᠭᠠᠬᠤ ᠳᠤ ᠪᠡᠯᠡᠳᠬᠡᠵᠦ᠂ ᠦᠯᠡᠳᠡᠭᠡᠨ ᠬᠠᠳᠠᠭᠠᠯᠠᠬᠤ ᠬᠤᠭᠤᠴᠠᠭ᠎ᠠ ᠶᠢ | 5 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠭᠤᠷᠪᠠ᠂ ᠬᠢᠨᠠᠯᠲᠠ ᠬᠠᠮᠢᠶᠠᠷᠤᠯᠲᠠ | ︵ᠨᠢᠭᠡ︶ ᠬᠠᠷᠭᠤᠭᠤᠯᠤᠨ ᠪᠠᠢᠴᠠᠭᠠᠬᠤ ᠬᠥᠮᠦᠰ ᠤᠨ ᠡᠩᠨᠡᠭᠡᠨ ᠤ ᠪᠠᠢᠭᠤᠯᠤᠯᠲᠠ ᠶᠢ ᠴᠢᠩᠭᠠᠳᠭᠠᠨ᠎ᠠ᠃ | ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠥᠨᠳᠥᠷ᠂ ᠣᠪᠣᠷ | ᠰᠤᠷᠲᠠᠯ ᠢᠶᠠᠷ ᠰᠢᠯᠢᠳᠡᠭ ᠰᠠᠶᠢᠨ ᠺᠠᠳ᠋ᠷ ᠢ ᠰᠣᠩᠭᠤᠨ ᠬᠢᠨᠠᠨ ᠰᠢᠯᠭᠠᠬᠤ ᠠᠵᠢᠯ ᠬᠢᠵᠦ᠂ ᠲᠡᠭᠦᠨ ᠳᠤ ᠵᠢᠯ ᠪᠦᠷᠢ | ᠠᠳᠠᠭ ᠲᠠᠭᠠᠨ ᠨᠢᠭᠡ ᠤᠳᠠᠭ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠲᠤᠬᠠᠶᠢᠯᠠᠭᠰᠠᠨ ᠠᠵᠢᠯ ᠤᠨ ᠤᠷ᠎ᠠ | ᠴᠢᠳᠠᠪᠤᠷᠢ ᠵᠡᠷᠭᠡ ᠲᠠᠯ᠎ᠠ ᠶᠢᠨ ᠬᠥᠮᠦᠵᠢᠯ ᠪᠣᠯᠪᠠᠰᠤᠷᠠᠯ ᠢ ᠥᠷᠨᠢᠭᠦᠯᠬᠦ ᠬᠡᠷᠡᠭᠲᠡᠶ᠃ | ︵ᠬᠤᠶᠠᠷ︶ ᠮᠠᠰᠢᠨ ᠬᠤᠳᠠᠯᠳᠤᠨ ᠠᠪᠬᠤ ᠠᠮᠠᠯᠠᠯ ᠢ ᠬᠡᠷᠡᠭᠵᠢᠭᠦᠯᠦᠨ᠎ᠡ᠃ ᠮᠠᠰᠢᠨ ᠬᠤᠳᠠᠯᠳᠤᠨ ᠠᠪᠤᠭᠴᠢ ᠳᠤ | ᠨᠥᠬᠦᠪᠥᠷᠢ ᠥᠭᠬᠦ ᠭᠤᠶᠤᠴᠢᠯᠠᠯ ᠤᠨ ᠦᠢᠯᠡ ᠠᠵᠢᠯᠯᠠᠭ᠎ᠠ ᠶᠢᠨ ᠥᠪᠡᠷ ᠢ ᠪᠠᠨ ᠬᠢᠵᠠᠭᠠᠷᠯᠠᠬᠤ ᠪᠠ ᠢᠲᠡᠭᠡᠮᠵᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠨᠥᠬᠦᠪᠥᠷᠢ ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ | ᠪᠦᠲᠦᠨ ᠴᠢᠨᠠᠷ ᠪᠠ ᠪᠦᠳᠦᠮᠵᠢᠳᠤ ᠴᠢᠨᠠᠷ ᠤᠨ ᠡᠵᠡᠨ ᠮᠡᠳᠡᠬᠦ ᠠᠮᠠᠯᠠᠯᠲᠠ ᠶᠢ ᠬᠡᠷᠡᠭᠵᠢᠭᠦᠯᠵᠦ᠂ ᠲᠡᠳᠡᠨ ᠢ ᠬᠥᠲᠥᠯᠥᠨ | ᠵᠢᠯᠣᠭᠤᠳᠴᠤ ᠪᠠᠶᠢᠭᠠᠳ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ ᠣᠷᠣᠯᠴᠠᠭᠤᠯᠵᠤ᠂ | ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠰᠠᠶᠢᠨ ᠰᠠᠶᠢᠬᠠᠨ | ᠣᠷᠴᠢᠨ ᠨᠥᠬᠦᠴᠡᠯ ᠢ ᠬᠠᠮᠲᠤ ᠪᠠᠷ ᠬᠠᠮᠠᠭᠠᠯᠠᠨ᠎ᠠ᠃ | ︵ᠭᠤᠷᠪᠠ︶ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ | ᠬᠠᠷᠭᠤᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠨᠥᠬᠦᠪᠥᠷᠢ ᠶᠢᠨ ᠭᠤᠶᠤᠴᠢᠯᠠᠯ ᠤᠨ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠴᠥᠮ᠎ᠡ ᠶᠢᠨ ᠮᠠᠰᠢᠨ ᠤ ᠠᠵᠢᠯᠲᠠᠨ ᠵᠤᠷᠪᠤᠰ ᠳᠠᠷᠠᠭᠠᠯᠠᠨ | ᠪᠢᠴᠢᠭ ᠢᠶᠠᠷ ᠳᠠᠩᠰᠠᠯᠠᠬᠤ ᠶᠢᠨ ᠬᠠᠮᠲᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠤ ᠴᠠᠭ ᠲᠤᠬᠠᠶ ᠳᠤᠨᠢ | ᠮᠡᠳᠡᠭᠦᠯᠦᠨ᠎ᠡ᠃ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠶᠢ ᠬᠠᠮᠲᠤ ᠪᠠᠷ ᠰᠤᠳᠤᠯᠬᠤ ᠠᠵᠢᠯ ᠢ ᠥᠷᠨᠢᠭᠦᠯᠵᠦ᠂ | ᠲᠣᠭᠲᠠᠭᠠᠯ ᠠᠴᠠ ᠵᠥᠷᠢᠴᠡᠭᠰᠡᠨ ᠰᠡᠵᠢᠭ ᠲᠠᠢ ᠨᠡᠯᠢᠶᠡᠳ ᠶᠡᠭᠡ ᠪᠤᠶᠤ ᠳᠠᠬᠢᠨ ᠳᠠᠪᠲᠠᠨ ᠢᠯᠡᠷᠡᠪᠡᠯ ᠪᠠᠶᠢᠴᠠᠭᠠᠯᠲᠠ ᠶᠢᠨ | ᠳᠡᠰ ᠳᠠᠷᠠᠭᠠᠯᠠᠯ ᠢ ᠡᠬᠢᠯᠡᠭᠦᠯᠵᠦ᠂ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠢ ᠨᠡᠯᠢᠶᠡᠳ ᠪᠠᠭ᠎ᠠ ᠪᠠᠶᠢᠭ᠎ᠠ | ᠮᠠᠲ᠋ᠧᠷᠢᠶᠠᠯ ᠢ ᠪᠠᠶᠢᠴᠠᠭᠠᠬᠤ ᠳᠤ ᠪᠡᠯᠡᠳᠬᠡᠨ᠎ᠡ᠃ ᠨᠥᠬᠦᠪᠥᠷᠢ ᠶᠢᠨ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ | ᠮᠠᠷᠭᠤᠯᠳᠤᠭᠠᠨ ᠢ ᠰᠢᠢᠳᠪᠦᠷᠢᠯᠡᠬᠦ ᠵᠡᠷᠭᠡ ᠴᠢᠬᠤᠯᠠ ᠶᠡᠭᠡ ᠵᠦᠢᠯᠡᠰ ᠢ ᠴᠠᠭ ᠲᠤᠬᠠᠶ ᠳᠤᠨᠢ ᠬᠤᠪᠣᠷ ᠰᠢᠷᠣᠶ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ | ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠰᠤᠳᠤᠯᠤᠨ ᠰᠢᠢᠳᠪᠦᠷᠢᠲᠦ ᠪᠣᠳᠣᠯᠭ᠎ᠠ ᠲᠣᠭᠲᠠᠭᠠᠯᠭᠠᠨ᠎ᠠ᠃ | ︵ᠲᠦᠷᠪᠡ︶ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠳᠣᠲᠣᠭᠠᠳᠤ ᠶᠢᠨ ᠡᠵᠡᠮᠳᠡᠬᠦ ᠳᠦᠷᠢᠮ ᠢ | ᠪᠦᠷᠢᠨᠰᠢᠭᠦᠯᠵᠦ᠂ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠶᠠᠪᠤᠴᠠ ᠪᠠᠷ ᠭᠤᠣᠯ ᠰᠢᠵᠢᠮ ᠪᠣᠯᠭᠠᠵᠤ᠂ | ᠵᠦᠢᠯ ᠳᠠᠷᠠᠭᠠᠯᠠᠨ ᠠᠵᠢᠯᠯᠠᠵᠤ᠂ ᠭᠤᠭᠴᠤᠭ᠎ᠠ ᠳᠠᠷᠠᠭᠠᠯᠠᠨ ᠲᠦᠭᠰᠢᠭᠦᠷᠢ ᠶᠢᠨ ᠴᠡᠭ ᠢ ᠡᠷᠢᠵᠦ᠂ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ |