ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ | ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠤᠨ ︽ᠲᠣᠭᠲᠠᠭᠠᠯ ᠠᠴᠠ ᠵᠥᠷᠢᠴᠡᠨ ᠬᠤᠯᠠᠭᠠᠢ ᠶᠢ ᠰᠡᠷᠭᠡᠶᠢᠯᠡᠬᠦ | ᠲᠣᠣᠷ ᠪᠠ ᠲᠡᠮᠦᠷ ᠬᠡᠷᠡᠰᠬᠡ ᠶᠢ ᠨᠤᠷᠠᠭᠠᠬᠤ ᠳᠤ ᠬᠠᠷᠰᠢ ᠰᠠᠭᠠᠳ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ︾ | ᠥᠷᠨᠢᠭᠦᠯᠵᠦ᠂ ᠬᠥᠮᠥᠰ ᠢ ᠲᠠᠷᠬᠠᠭᠠᠵᠤ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ | ᠨᠥᠯᠥᠭᠡᠯᠡᠵᠦ ᠪᠠᠶᠢᠭ᠎ᠠ ᠬᠤᠯᠠᠭᠠᠢ ᠶᠢ ᠰᠡᠷᠭᠡᠶᠢᠯᠡᠬᠦ ᠲᠣᠣᠷ᠂ ᠲᠡᠮᠦᠷ ᠬᠡᠷᠡᠰᠬᠡ᠂ ᠵᠠᠷ ᠮᠡᠳᠡᠭᠡᠨ ᠤ ᠫᠠᠶᠢᠰᠠ ᠵᠡᠷᠭᠡ | ᠰᠠᠭᠠᠳ ᠲᠠᠢ ᠪᠣᠳᠠᠰ ᠢ ᠡᠷᠡᠰ ᠨᠤᠷᠠᠭᠠᠵᠤ᠂ ᠪᠠᠴᠢᠮ ᠴᠠᠭ ᠮᠥᠴᠡ ᠳᠤ ︽ᠠᠮᠢ ᠨᠠᠰᠤᠨ ᠤ ᠵᠠᠮ︾ ᠰᠠᠭᠠᠳ ᠦᠭᠡᠢ | ᠨᠡᠪᠲᠡᠷᠡᠬᠦ ᠶᠢ ᠦᠨᠡᠨ ᠬᠦ ᠪᠠᠲᠤᠯᠠᠵᠤ᠂ ᠬᠥᠮᠥᠨ ᠳᠤᠲᠠᠭᠠᠵᠤ ᠭᠠᠷᠤᠨ᠂ ᠭᠠᠯ ᠤᠨᠲᠠᠷᠠᠭᠠᠬᠤ ᠳᠠᠭᠠᠷᠢᠯᠲᠠ ᠶᠠᠪᠤᠭᠤᠯᠵᠤ | ᠪᠤᠢ᠃ | ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠶᠠᠪᠤᠴᠠ ᠳᠤ᠂ ︽ᠠᠮᠢ ᠨᠠᠰᠤᠨ ᠤ ᠵᠠᠮ︾ ᠪᠠ | ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ︽ᠴᠣᠩᠬᠤ ᠶᠢ ᠨᠤᠷᠠᠭᠠᠵᠤ ᠲᠣᠤᠷ ᠢ ᠡᠪᠳᠡᠬᠦ︾ ᠬᠤᠶᠠᠷ | ᠵᠦᠢᠯ ᠤᠨ ᠭᠤᠤᠯᠳᠠᠯᠭ᠎ᠠ ᠲᠠᠢ ᠠᠭᠤᠯᠭ᠎ᠠ ᠳᠤ ᠴᠢᠭᠯᠡᠭᠦᠯᠦᠨ᠂ ᠵᠡᠭᠡᠯᠢ ᠳᠠᠭᠠᠭᠰᠠᠨ ᠬᠤᠳᠠᠯᠳᠤᠭᠠᠨ ᠤ ᠡᠷᠦᠬᠡ᠂ | ᠬᠥᠮᠦᠨ ᠣᠯᠠᠨ ᠴᠤᠭᠯᠠᠷᠠᠬᠤ ᠭᠠᠵᠠᠷ ᠬᠤᠶᠠᠷ ᠲᠥᠷᠥᠯ ᠤᠨ ᠭᠤᠤᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ᠂ | ᠶᠡᠭᠡ ᠠᠩᠭᠢ ᠶᠢᠨ ᠭᠠᠯ ᠤᠨᠲᠠᠷᠠᠭᠠᠬᠤ ᠬᠢᠨᠠᠯᠲᠠ ᠲᠠᠯᠪᠢᠭᠴᠢ ᠠᠴᠠ ︽ᠨᠢᠭᠡ ᠶᠢ ᠢᠳᠬᠠᠬᠤ᠂ ᠬᠤᠶᠠᠷ ᠢ | ᠲᠣᠳᠣᠷᠬᠠᠶᠢᠯᠠᠬᠤ᠂ ᠭᠤᠷᠪᠠ ᠶᠢ ᠨᠤᠷᠠᠭᠠᠬᠤ︾ ᠠᠵᠢᠯ ᠤᠨ ᠠᠷᠭ᠎ᠠ ᠬᠡᠮᠵᠢᠶ᠎ᠡ ᠠᠪᠴᠤ᠂ ᠬᠠᠷᠢᠶ᠎ᠠ ᠣᠷᠣᠨ ᠤ ᠣᠯᠠᠨ | ᠲᠦᠮᠡᠨ ᠳᠤ ᠬᠤᠯᠠᠭᠠᠶᠢᠯᠠᠬᠤ ᠶᠢ ᠰᠡᠷᠭᠡᠶᠢᠯᠡᠬᠦ ᠴᠣᠩᠬᠤ᠂ ᠬᠤᠯᠠᠭᠠᠶᠢᠯᠠᠬᠤ ᠶᠢ ᠰᠡᠷᠭᠡᠶᠢᠯᠡᠬᠦ ᠰᠦᠯᠵᠢᠶ᠎ᠡ᠂ ᠲᠡᠮᠦᠷᠯᠢᠭ | ᠬᠡᠷᠡᠰᠬᠡ ᠵᠢᠴᠢ ᠵᠠᠷ ᠮᠡᠳᠡᠭᠡᠨ ᠤ ᠫᠠᠶᠢᠰᠠ ᠵᠡᠷᠭᠡ ᠠᠮᠢ ᠵᠢᠭᠤᠲᠠᠬᠤ ᠵᠠᠮ ᠢ ᠬᠠᠷᠰᠢᠯᠠᠬᠤ ᠬᠤᠤᠷ ᠬᠥᠨᠥᠭᠡᠯᠲᠦ ᠴᠢᠨᠠᠷ ᠢ | ᠥᠷᠭᠡᠨ ᠢᠶᠠᠷ ᠤᠬᠠᠭᠤᠯᠪᠠ᠃ ᠰᠡᠷᠡᠮᠵᠢᠯᠡᠭᠦᠯᠬᠦ ᠬᠥᠮᠦᠵᠢᠯ ᠢ ᠲᠥᠪᠯᠡᠷᠡᠭᠦᠯᠦᠨ ᠥᠷᠨᠢᠭᠦᠯᠵᠦ᠂ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠡᠶᠢᠮᠦᠷᠬᠦ ᠳᠠᠯᠳᠠ ᠭᠡᠮ ᠠᠴᠠ ᠪᠣᠯᠵᠤ ᠮᠡᠳᠡᠬᠦ ᠬᠦᠨᠳᠦ | ᠨᠣᠴᠢᠲᠠᠶ ᠦᠷ᠎ᠡ ᠳ᠋ᠦᠩ ᠢ ᠰᠠᠨᠠᠭᠤᠯᠬᠤ ᠬᠡᠷᠡᠭᠲᠡᠶ᠃ | ᠣᠲᠣ ᠪᠣᠯᠲᠠᠯ᠎ᠠ᠂ ᠨᠢᠭᠡᠨᠲᠡ ᠬᠥᠮᠦᠰ ᠢ ᠵᠣᠬᠢᠶᠠᠨ ᠪᠠᠶᠢᠭᠤᠯᠤᠨ ᠬᠥᠮᠦᠰ ᠤᠨ ᠠᠮᠢ ᠵᠢᠭᠤᠲᠠᠬᠤ ᠪᠠ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠭᠰᠡᠨ ᠬᠤᠯᠠᠭᠠᠶ ᠶᠢ ᠰᠡᠷᠭᠡᠶᠢᠯᠡᠬᠦ ᠴᠣᠩᠬᠤ᠂ ᠲᠡᠮᠦᠷ ᠬᠡᠷᠡᠰᠬᠡ᠂ ᠵᠠᠷ | ᠮᠡᠳᠡᠭᠡᠨ ᠤ ᠫᠠᠶᠢᠰᠠ ᠵᠡᠷᠭᠡ ᠬᠠᠷᠰᠢ ᠰᠠᠭᠠᠳ 2147 ᠪᠠᠶᠢᠵᠤ᠂ ᠨᠡᠶᠢᠲᠡ 4294 ᠲᠡᠭᠰᠢ ᠳᠥᠷᠪᠡᠯᠵᠢᠨᠮᠧᠲᠷ | ᠴᠡᠭᠴᠡᠯᠡᠨ ᠵᠠᠰᠠᠭᠰᠠᠨᠪᠠᠶᠢᠨᠠ᠃ | | | |